ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠷᠤᠭ ᠬᠤᠷᠢᠮ ᠤᠨ ᠨᠡᠷ᠎ᠡ ᠪᠠᠷ ᠮᠡᠬᠡᠯᠡᠬᠦ︾ ᠬᠡᠷᠡᠭ ᠢ ᠠᠮᠵᠢᠯᠲᠠ ᠲᠠᠢ ᠢᠯᠡᠷᠡᠭᠦᠯᠪᠡ
ᠨᠡᠶᠢᠲᠡᠯᠡᠭᠰᠡᠨ ᠴᠠᠭ᠄
2024/4/10
     ᠤᠯᠠᠮᠵᠢᠯᠠᠯᠲᠤ ᠮᠡᠬᠡᠯᠡᠯ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ ᠤᠯᠠᠮᠵᠢᠯᠠᠯᠲᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠠᠩᠬᠠᠷᠴᠤ᠂ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠪᠠ᠃
微信图片_20240401093338.jpg  
    ᠡᠨᠡ ᠵᠢᠯ ᠤᠨ 2 ᠰᠠᠷ᠎ᠠ ᠶᠢᠨ ᠬᠤᠭᠤᠴᠠᠭᠠᠨ ᠳᠤ᠂ ᠬᠤᠬᠢᠷᠠᠯ ᠠᠮᠰᠠᠭᠴᠢ ᠸᠠᠩ ᠣᠪᠣᠭᠲᠤ ︵ᠨᠡᠷ᠎ᠡ ᠪᠤᠷᠤᠭᠤᠯᠠᠭᠰᠠᠨ︶ ᠶᠠᠯ᠎ᠠ ᠬᠢᠭᠰᠡᠨ ᠰᠡᠵᠢᠭᠳᠡᠨ ᠲᠢᠶᠠᠨ ᠣᠪᠣᠭᠲᠤ ︵ᠨᠡᠷ᠎ᠡ ᠪᠤᠷᠤᠭᠤᠯᠠᠭᠰᠠᠨ︶ ᠪᠠᠷ ᠬᠠᠨᠢ ᠨᠦᠬᠦᠷ ᠲᠠᠨᠢᠯᠴᠠᠭᠤᠯᠵᠦ᠂ ᠠᠰᠢᠭ ᠲᠤᠰᠠ ᠶᠢᠨ ᠥᠭᠶᠦᠭᠡᠳᠡᠯ ᠤᠨ ᠡᠮᠦᠨ᠎ᠡ ᠲᠢᠶᠠᠨ ᠣᠪᠣᠭᠲᠤ ᠠᠴᠠ ᠪᠤᠰᠤᠳ ᠬᠥᠮᠦᠨ ᠤ ᠦᠨᠡᠮᠯᠡᠯ ᠢ ᠬᠡᠷᠡᠭᠯᠡᠨ ᠦᠨᠡᠨ ᠨᠡᠷ᠎ᠡ ᠪᠠᠷ ᠸᠢᠴᠠᠲ ᠢᠶᠠᠨ ᠳᠠᠩᠰᠠᠯᠠᠭᠤᠯᠵᠤ ᠵᠣᠬᠢᠶᠠᠬᠤ ᠶᠢᠨ ᠬᠠᠮᠲᠤ ᠬᠡᠶᠢᠰᠪᠦᠷᠢ ᠪᠡᠶ᠎ᠡ ᠶᠢᠨ ᠭᠠᠷᠤᠯ ︵ᠵᠧᠦ ᠣᠪᠣᠭ︶ ᠢᠶᠠᠷ ᠣᠪᠯᠠᠵᠤ ᠸᠠᠩ ᠣᠪᠣᠭᠲᠤ ᠪᠣᠯ ᠸᠢᠴᠠᠲ ᠤᠨ ᠰᠠᠶᠢᠨ ᠨᠠᠶᠢᠵᠠ ᠪᠣᠯᠵᠤ᠂ ᠬᠤᠶᠠᠷ ᠲᠠᠯ᠎ᠠ ᠪᠠᠷ ᠢᠶᠠᠨ ᠵᠣᠭᠤᠭᠳᠠᠬᠤ ᠶᠠᠪᠤᠴᠠ ᠳᠤ ᠢᠨᠠᠭ ᠳᠤᠷᠠᠯᠠᠯ ᠤᠨ ᠬᠠᠷᠢᠴᠠᠭ᠎ᠠ ᠶᠢ ᠨᠤᠲᠠᠯᠠᠪᠠ᠃ ᠬᠤᠶᠠᠷ ᠬᠥᠮᠦᠨ ᠤ ᠬᠠᠶᠢᠷ᠎ᠠ ᠰᠡᠳᠬᠢᠯᠭᠡ ᠠᠭᠠᠵᠢᠮ ᠢᠶᠠᠷ ︽ᠭᠦᠨᠵᠡᠭᠡᠶᠢᠷᠡᠬᠦ︾ ᠶᠢ ᠳᠠᠭᠠᠯᠳᠤᠨ᠂ ᠶᠠᠯ᠎ᠠ ᠬᠢᠭᠰᠡᠨ ᠰᠡᠵᠢᠭᠳᠡᠨ ᠲᠢᠶᠠᠨ ᠣᠪᠣᠭᠲᠤ ᠬᠤᠭᠤᠰᠣᠨ ᠪᠡᠶ᠎ᠡ ᠶᠢᠨ ᠭᠠᠷᠤᠯ ︵ᠵᠧᠦ ᠣᠪᠣᠭ︶ ᠢᠶᠠᠨ ᠲᠡᠷᠭᠡᠨ ᠠᠳᠡᠯ ᠭᠠᠷᠴᠤ᠂ ᠠᠪᠤ ᠨᠢ ᠨᠠᠰᠤ ᠪᠠᠷᠠᠵᠦ᠂ ᠪᠠᠴᠢᠮ ᠵᠣᠭᠤᠰ ᠬᠡᠷᠡᠭᠯᠡᠬᠦ ᠵᠡᠷᠭᠡ ᠰᠢᠯᠲᠠᠭᠠᠨ ᠢᠶᠠᠷ ᠸᠠᠩ ᠣᠪᠣᠭᠲᠤ ᠶᠢ ᠵᠣᠷᠢᠭᠤᠳᠠ ᠬᠥᠲᠥᠯᠥᠨ ᠵᠢᠯᠣᠭᠤᠳᠴᠤ ᠪᠠᠶᠢᠭᠠᠳ ᠲᠡᠭᠦᠨ ᠳᠤ ᠳᠠᠩᠰᠠ ᠰᠢᠯᠵᠢᠭᠦᠯᠵᠦ᠂ ᠸᠠᠩ ᠣᠪᠣᠭᠲᠤ ᠶᠢ ᠨᠡᠶᠢᠲᠡ ᠭᠤᠴᠢ ᠭᠠᠷᠤᠶ ᠲᠦᠮᠡᠨ ᠲᠥᠭᠦᠷᠢᠭ ᠮᠡᠬᠡᠯᠡᠪᠡ᠃ ᠶᠠᠯ᠎ᠠ ᠬᠢᠭᠰᠡᠨ ᠰᠡᠵᠢᠭᠳᠡᠨ ᠲᠢᠶᠠᠨ ᠣᠪᠣᠭᠲᠤ ᠬᠠᠤᠯᠢ ᠪᠤᠰᠤ ᠪᠠᠷ ᠡᠵᠡᠮᠰᠢᠬᠦ ᠪᠠᠷ ᠵᠣᠷᠢᠯᠭ᠎ᠠ ᠪᠣᠯᠭᠠᠵᠤ᠂ ᠪᠣᠳᠠᠲᠤ ᠬᠡᠷᠡᠭ ᠢ ᠬᠠᠭᠤᠷᠮᠠᠭ ᠢᠶᠠᠷ ᠵᠣᠬᠢᠶᠠᠬᠤ ᠪᠠ ᠦᠨᠡᠨ ᠪᠠᠶᠢᠳᠠᠯ ᠢ ᠨᠢᠭᠤᠨ ᠳᠠᠯᠳᠠᠯᠠᠬᠤ ᠠᠷᠭ᠎ᠠ ᠪᠠᠷ ᠮᠡᠬᠡᠯᠡᠨ ᠠᠪᠤᠭᠰᠠᠨ ᠵᠣᠭᠤᠰ ᠤᠨ ᠲᠤᠭ᠎ᠠ ᠬᠡᠮᠵᠢᠶ᠎ᠡ ᠨᠢ ᠯᠤᠲᠤ ᠶᠡᠭᠡ ᠪᠠᠶᠢᠵᠤ᠂ ᠬᠢᠬᠠᠨ ᠮᠡᠬᠡᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ ᠲᠢᠶᠠᠨ ᠣᠪᠣᠭᠲᠤ ᠶᠠᠯ᠎ᠠ ᠬᠢᠭᠰᠡᠨ ᠪᠣᠳᠠᠲᠤ ᠪᠠᠶᠢᠳᠠᠯ ᠢᠶᠠᠨ ᠥᠴᠢᠭᠯᠡᠨ ᠮᠡᠳᠡᠷᠡᠵᠦ᠂ ᠨᠢᠭᠡᠨᠲᠡ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠣᠳᠣᠬᠠᠨ ᠳᠤ ᠲᠣᠰ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠶ᠋ᠳᠪᠦᠷᠢᠯᠡᠵᠦ ᠪᠠᠶᠢᠨ᠎ᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ