ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠦᠨᠳᠦᠰᠦᠨ ᠱᠠᠲᠤᠨ ᠳᠤ ᠭᠦᠨᠵᠡᠭᠡᠶᠢᠷᠡᠵᠦ ︽ᠣᠨᠣᠯ ᠢ ᠦᠨᠳᠦᠰᠦᠨ ᠱᠠᠲᠤᠨ ᠳᠤ ᠦᠢᠯᠡᠳᠦᠯᠭᠡᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/10
    3 ᠳ᠋ᠤᠭᠠᠷ ᠰᠠᠷ᠎ᠠ ᠶᠢᠨ 3 ᠤ ᠡᠳᠦᠷ᠂ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠮᠠᠨᠳᠤᠬᠤᠪᠤᠯᠠᠭ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠤ ᠭᠦᠨᠵᠡᠭᠡᠶᠢᠷᠡᠨ ︽ᠣᠨᠣᠯ ᠢ ᠦᠨᠳᠦᠰᠦᠨ ᠱᠠᠲᠤᠨ ᠳᠤ ᠦᠢᠯᠡᠳᠦᠯᠭᠡᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
3.jpg  
微信图片_20220318091749.jpg
    ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠰᠢᠨ᠎ᠡ ᠰᠣᠷᠭᠤᠭ ᠠᠭᠤᠯᠭ᠎ᠠ ᠲᠠᠢ ᠤᠬᠠᠭᠤᠯᠭ᠎ᠠ ᠶᠢᠨ ᠭᠠᠷ ᠳᠡᠪᠲᠡᠷ᠂ ᠬᠥᠨᠳᠡᠯᠡᠨ ᠪᠢᠴᠢᠭᠡᠰᠦ ᠶᠢ ᠲᠠᠷᠬᠠᠭᠠᠨ ᠦᠵᠡᠭᠦᠯᠵᠦ᠂ ᠡᠭᠦᠨ ᠤ ᠬᠠᠮᠲᠤ ᠬᠠᠤᠯᠢ ᠵᠥᠷᠢᠴᠡᠵᠦ ᠶᠠᠯ᠎ᠠ ᠬᠢᠭᠰᠡᠨ ᠦᠨᠡᠨ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠴᠤᠤᠷᠬᠠᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠳᠥᠭᠦᠮ ᠣᠶᠢᠯᠠᠭᠠᠮᠵᠢᠲᠠᠶ ᠪᠠᠷ ᠲᠠᠶᠢᠯᠪᠤᠷᠢᠯᠠᠵᠤ᠂ ᠴᠤᠤᠷᠬᠠᠯ ᠢ ᠲᠠᠨᠢᠬᠤ᠂ ᠴᠤᠤᠷᠬᠠᠯ ᠢ ᠢᠯᠭᠠᠬᠤ᠂ ᠴᠤᠤᠷᠬᠠᠯ ᠢ ᠰᠡᠷᠭᠡᠶᠢᠯᠡᠬᠦ ᠲᠤᠬᠠᠢ ᠮᠡᠳᠡᠯᠭᠡ ᠶᠢ ᠳᠠᠮᠵᠢᠭᠤᠯᠤᠨ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠢᠨᠲ᠋ᠧᠷ ᠰᠦᠯᠵᠢᠶ᠎ᠡ ᠶᠢ ᠵᠥᠪ ᠬᠡᠷᠡᠭᠯᠡᠬᠦ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠨᠤᠲᠠᠯᠠᠭ᠎ᠠ ᠦᠭᠡᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠤᠨ ᠲᠠᠷᠬᠠᠭᠠᠬᠤ ᠦᠭᠡᠢ ᠪᠠᠶᠢᠬᠤ ᠲᠤᠬᠠᠢ ᠬᠦᠮᠦᠵᠢᠯ ᠬᠦᠷᠳᠡᠭᠡᠪᠡ᠃ ᠤᠯᠤᠰ ᠤᠨ ᠬᠠᠤᠯᠢ ᠴᠠᠭᠠᠵᠠ ᠶᠢ ᠵᠥᠷᠢᠴᠡᠭᠰᠡᠨ᠂ ᠤᠯᠤᠰ ᠤᠨ ᠠᠮᠤᠷ ᠲᠦᠪᠰᠢᠨ ᠢ ᠨᠥᠯᠥᠭᠡᠯᠡᠭᠰᠡᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠡᠪᠳᠡᠭᠰᠡᠨ ᠴᠤᠤᠷᠬᠠᠯ ᠪᠠ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠦᠭᠡᠢ ᠪᠠᠶᠢᠬᠤ ᠲᠤᠬᠠᠢ ᠠᠮᠢᠳᠤᠯᠢᠭ ᠲᠠᠶᠢᠯᠪᠤᠷᠢᠯᠠᠵᠤ᠂ ᠤᠨᠤᠯ ᠢᠶᠠᠷ ᠤᠯᠠᠨ ᠲᠦᠮᠡᠨ ᠤ ᠦᠵᠡᠯ ᠰᠠᠨᠠᠭ᠎ᠠ ᠶᠢ ᠵᠡᠪᠰᠡᠭᠯᠡᠪᠡ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ