ᠬᠡᠳᠦ ᠳᠡᠯᠭᠡᠭᠦᠷ ᠲᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠵᠦ ᠣᠯᠠᠨ ᠲᠦᠮᠡᠨ ᠤ ︽ᠵᠣᠭᠤᠰᠣᠨ ᠴᠥᠩᠬᠦ︾ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/4/10
     ᠥᠷᠭᠡᠨ ᠣᠯᠠᠨ ᠬᠡᠷᠡᠭᠯᠡᠭᠴᠢᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠠᠮᠢᠶ᠎ᠠ ᠪᠥᠬᠦᠶ ᠮᠡᠳᠡᠯᠭᠡ ᠶᠢ ᠲᠥᠭᠡᠮᠡᠯᠵᠢᠭᠦᠯᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠪᠦᠲᠦᠮᠵᠢᠲᠡᠶ ᠬᠤᠷᠢᠭᠯᠠᠬᠤ᠂ ᠬᠠᠷᠢᠶᠠᠲᠤ ᠣᠷᠣᠨ ᠤ ᠡᠷᠡᠭᠦᠯ ᠮᠡᠨᠳᠦ ᠶᠢᠨ ᠬᠡᠷᠡᠭᠯᠡᠭᠡᠨ ᠤ ᠣᠷᠴᠢᠨ ᠲᠣᠭᠤᠷᠢᠨ ᠪᠠ ᠮᠡᠬᠡᠯᠡᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 42 ᠳ᠋ᠤᠭᠠᠷ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ ᠠᠷᠠᠳ ᠤᠨ ᠴᠠᠭᠳᠠᠭ᠎ᠠ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ ᠲᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
 微信图片_20240401093628.jpg  
    ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠣᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠪᠦᠲᠦᠮᠵᠢᠲᠡᠢ ᠵᠢᠭᠰᠠᠭᠠᠯ ᠤᠨ ᠭᠠᠵᠠᠷ ᠢᠶᠠᠨ ᠦᠷᠭᠦᠯᠵᠢᠯᠡᠨ ᠥᠷᠭᠡᠳᠬᠡᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠰᠠᠭᠤᠭᠠᠯᠢ ᠠᠷᠠᠳ ᠤᠨ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠢ ᠪᠦᠲᠦᠮᠵᠢᠲᠡᠢ ᠴᠢᠩᠭᠠᠳᠬᠠᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ