ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ︽ᠴᠠᠭᠳᠠᠭᠠᠨ ᠵᠢᠵᠢᠭ ᠥᠷᠳᠡᠭᠡ︾ ᠶᠢ ᠠᠰᠢᠭᠯᠠᠨ ᠬᠠᠤᠯᠢ ᠴᠠᠭᠠᠵᠠ ᠶᠢᠨ ᠮᠡᠳᠡᠯᠬᠡ ᠶᠢ ᠲᠥᠬᠡᠮᠡᠯᠵᠢᠬᠦᠯᠬᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/10
   ᠰᠥᠷᠳᠡᠬᠦᠯᠥᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠳᠤᠪᠴᠢᠶ᠎ᠠ ᠶᠢᠨ ᠰᠥᠷᠳᠡᠬᠦᠯᠥᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠠᠨ ᠶᠡᠭᠡ ᠠᠩᠭᠢ ᠶᠢᠨ ᠴᠠᠭᠳᠠᠭ᠎ᠠ ᠨᠠᠷ ︽ᠴᠠᠭᠳᠠᠭᠠᠨ ᠵᠢᠵᠢᠭ ᠥᠷᠳᠡᠭᠡ︾ ᠶᠢ ᠠᠰᠢᠭᠯᠠᠨ ᠬᠤᠰᠢᠭᠤᠨ ᠤ ᠵᠦᠩ ᠯᠠᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠨᠵᠡᠭᠡᠶᠢᠷᠡᠨ ᠰᠥᠷᠳᠡᠬᠦᠯᠥᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠤᠬᠠᠭᠤᠯᠭ᠎ᠠ ᠥᠷᠨᠢᠭᠦᠯᠪᠡ᠃
DSC_1035.JPG  
     ᠤᠬᠠᠭᠤᠯᠭ᠎ᠠ ᠶᠢᠨ ᠶᠠᠪᠤᠴᠠ ᠳᠤ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠴᠠᠭᠳᠠᠭ᠎ᠠ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠭ ᠳᠤ ᠬᠦᠮᠦᠨ ᠤᠯᠠᠨ ᠴᠤᠭᠯᠠᠷᠠᠬᠤ ᠪᠠᠶᠢᠳᠠᠯ ᠳᠤ ᠬᠠᠨᠲᠤᠭᠤᠯᠤᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ ᠳᠠᠯᠠᠪᠠᠢ ᠳᠤ ᠬᠠᠤᠯᠢ ᠴᠠᠭᠠᠵᠠ ᠲᠥᠷᠢᠮ ᠲᠤᠭᠳᠠᠭᠠᠯ ᠳᠤ ᠨᠠᠷᠢᠨ ᠳᠠᠶᠢᠯᠤᠮᠵᠢ ᠬᠢᠬᠦ᠂ ᠤᠯᠠᠨ ᠳᠥᠮᠡᠨ ᠲᠠᠢ ᠶᠠᠷᠢᠯᠴᠠᠨ ᠠᠰᠠᠭᠤᠨ ᠯᠠᠪᠯᠠᠯᠲᠠ ᠶᠢ ᠬᠦᠯᠢᠶᠡᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠡᠷᠬᠢᠨ ᠰᠥᠷᠳᠡᠬᠦᠯᠥᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ᠂ ᠬᠦᠴᠦᠷᠬᠡᠭᠯᠡᠯ ᠰᠥᠷᠳᠡᠬᠦᠯᠥᠯ ᠤᠨ ᠶᠠᠯᠠᠲᠤ ᠠᠵᠢᠯᠯᠠᠭ᠎ᠠ ᠶᠢ ᠠᠷᠭᠠᠴᠠᠬᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠬᠤ ᠠᠮᠤᠷ ᠲᠥᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠤᠨ᠂ ᠤᠯᠤᠰ ᠤᠨ ᠠᠮᠤᠷ ᠳᠥᠪᠰᠢᠨ ᠤ ᠤᠬᠠᠮᠰᠠᠷ ᠢ ᠬᠦᠮᠥᠰ ᠤᠨ ᠰᠠᠳᠬᠢᠯ ᠳᠤ ᠬᠠᠳᠠᠩᠰᠢᠭᠤᠯᠵᠤ᠂ ᠬᠠᠷᠢᠶᠠᠲᠤ ᠤᠷᠤᠨ ᠤ ᠤᠯᠠᠨ ᠳᠥᠮᠡᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠰᠥᠷᠳᠡᠬᠦᠯᠥᠯ ᠤᠨ ᠶᠠᠯᠠᠲᠤ ᠠᠵᠢᠯᠯᠠᠭ᠎ᠠ ᠪᠤᠶᠤ ᠰᠤᠷᠠᠭ ᠰᠥᠪᠡᠭᠴᠢ ᠶᠢ ᠢᠳᠡᠪᠬᠢᠲᠠᠢ ᠢᠯᠡᠴᠢᠯᠡᠬᠦ ᠶᠢ ᠵᠤᠷᠢᠭᠵᠢᠭᠤᠯᠵᠤ᠂ ᠨᠡᠶᠢᠭᠡᠮ ᠨᠡᠶᠢᠲᠡ ᠪᠠᠷ ᠢᠶᠠᠨ ᠰᠥᠷᠳᠡᠬᠦᠯᠥᠯ ᠤᠨ  ᠥᠵᠡᠯ ᠢ ᠬᠠᠮᠲᠤ ᠪᠠᠷ ᠡᠰᠡᠷᠭᠦᠴᠡᠬᠦ ᠠᠭᠤᠷ ᠠᠮᠢᠰᠬᠤᠯ ᠢ ᠪᠤᠢ ᠪᠤᠯᠭᠠᠨ᠂ ᠰᠥᠷᠳᠡᠬᠦᠯᠥᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠤᠭᠴᠠᠯᠠᠪᠠ᠃       
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ