ᠬᠥᠬᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ︽ᠬᠠᠪᠤᠷ ᠤᠨ ᠤᠯᠠᠷᠢᠯ ᠤᠨ ᠠᠵᠢᠯᠯᠠᠭ᠎ᠠ︾ ᠶᠢ ᠪᠠᠶᠢᠷᠢᠯᠠᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/4/10
     ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠦᠨᠡᠨ ᠬᠦ ᠰᠡᠷᠭᠡᠶᠢᠯᠡᠨ ᠠᠷᠢᠯᠭᠠᠬᠤ᠂ ᠣᠯᠠᠨ ᠬᠥᠮᠦᠨ ᠥᠭᠦᠵᠦ ᠰᠢᠷᠬᠠᠲᠤᠬᠤ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠶᠢᠨ ᠲᠤᠰᠠᠳᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 3 ᠳ᠋ᠤᠭᠠᠷ ᠰᠠᠷ᠎ᠠ ᠶᠢᠨ 23 ᠤ ᠡᠳᠦᠷ ᠠᠴᠠ 6 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ᠪᠥᠬᠦ ᠬᠤᠲᠠ ᠶᠢᠨ ᠬᠡᠪᠴᠢᠶᠡᠨ ᠳᠤ ᠬᠠᠪᠤᠷ ᠤᠨ ᠤᠯᠠᠷᠢᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ ︵ᠳᠣᠷᠣᠭᠰᠢ ︽ᠬᠠᠪᠤᠷ ᠤᠨ ᠤᠯᠠᠷᠢᠯ ᠤᠨ ᠠᠵᠢᠯᠯᠠᠭ᠎ᠠ︾ ᠭᠡᠵᠦ ᠲᠣᠪᠴᠢᠯᠠᠨ᠎ᠠ︶᠃ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠨᠢᠭᠡ ᠪᠦᠯᠦᠭ ᠬᠥᠮᠦᠨ᠂ ᠲᠡᠷᠭᠡ᠂ ᠵᠠᠮ᠂ ᠠᠵᠤ ᠠᠬᠤᠶᠢᠯᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠠᠷᠢᠯᠭᠠᠵᠤ᠂ ᠡᠮᠬᠢ ᠳᠢᠭᠯᠢᠮ ᠢ ᠠᠮᠠᠷᠬᠠᠨ ᠰᠠᠮᠠᠭᠤᠷᠠᠭᠤᠯᠬᠤ᠂ ᠠᠮᠠᠷᠬᠠᠨ ᠬᠡᠷᠡᠭ ᠤᠷᠰᠢᠭ ᠲᠠᠲᠠᠬᠤ ᠨᠢᠭᠡ ᠪᠦᠯᠦᠭ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠰᠠᠵᠤ᠂ ᠮᠠᠨ ᠤ ᠬᠤᠲᠠ ᠶᠢᠨ ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
图2.jpg
     ᠲᠣᠰ ᠤᠳᠠᠭᠠᠨ ᠤ ᠴᠡᠭᠴᠡᠯᠡᠨ ᠵᠠᠰᠠᠬᠤ ᠭᠤᠤᠯᠳᠠᠯᠭ᠎ᠠ ᠨᠢ ᠲᠣᠰ ᠲᠣᠰ᠄     ︵ᠨᠢᠭᠡ︶ ᠭᠤᠤᠯᠳᠠᠯᠭ᠎ᠠ ᠲᠠᠢ ᠵᠠᠮ ᠤᠨ ᠬᠡᠰᠡᠭ᠄ S31 ᠬᠥᠬᠡᠬᠤᠲᠠ ᠠᠴᠠ ᠳ᠋ᠠ ᠲᠦᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ S104 ᠮᠤᠵᠢ ᠶᠢᠨ ᠵᠠᠮ ︵ᠠᠭᠤᠯᠠ ᠠᠪᠠᠷᠢᠬᠤ ᠶᠠᠪᠠᠭᠠᠨ ᠵᠠᠮ ᠠᠴᠠ ᠬᠤᠲᠠ ᠶᠢᠨ ᠲᠣᠭᠤᠷᠢᠭ ᠬᠥᠷᠬᠦ ᠬᠡᠰᠡᠭ︶᠂ S101᠂ S102᠂ S103᠂ S104᠂ S105 ︵ᠬᠥᠬᠡᠬᠤᠲᠠ ᠶᠢᠨ ᠬᠠᠷᠢᠶ᠎ᠠ ᠬᠡᠰᠡᠭ︶᠂ ᠤᠯᠤᠰ ᠤᠨ ᠵᠠᠮ ᠤᠨ G110᠂ G209᠂ G109᠂ G241᠂ G512 ᠲᠣᠰᠬᠤᠨ ᠪᠠᠯᠭᠠᠰᠤ ᠪᠠᠷ ᠥᠩᠭᠡᠷᠡᠬᠦ ᠮᠥᠷᠲᠡᠭᠡᠨ ᠵᠠᠮ ᠬᠠᠷᠢᠯᠴᠠᠭᠠᠨ ᠤ ᠴᠤᠪᠤᠷᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠵᠠᠩᠭᠢᠯᠠᠭ᠎ᠠ ᠶᠢᠨ ᠵᠠᠮ ᠤᠨ ᠬᠡᠰᠡᠭ᠃    ︵ᠬᠤᠶᠠᠷ︶ ᠭᠤᠣᠯᠳᠠᠯᠭ᠎ᠠ ᠲᠠᠢ ᠲᠡᠷᠭᠡ ᠬᠥᠰᠬᠡ᠄ ᠵᠠᠰᠠᠮᠠᠯ ᠵᠠᠮ ᠤᠨ ᠠᠶᠠᠨᠴᠢᠳ ᠤᠨ ᠳᠡᠭᠡᠭᠡᠪᠦᠷᠢ᠂ ᠵᠢᠭᠤᠯᠴᠢᠯᠠᠯ ᠤᠨ ᠠᠶᠠᠨᠴᠢᠳ ᠤᠨ ᠳᠡᠭᠡᠭᠡᠪᠦᠷᠢ᠂ ᠠᠶᠤᠯ  ᠲᠠᠢ ᠬᠢᠮᠢ ᠶᠢᠨ ᠪᠤᠳᠠᠰ ᠤᠨ ᠳᠡᠭᠡᠭᠡᠪᠦᠷᠢ᠂ ᠪᠠᠷᠠᠭᠠᠨ ᠤ ᠳᠡᠭᠡᠭᠡᠪᠦᠷᠢ ᠲᠡᠷᠭᠡ ᠵᠢᠴᠢ 6 ᠰᠠᠭᠤᠳᠠᠯ ᠠᠴᠠ ᠳᠡᠭᠡᠭᠰᠢᠬᠢ ᠵᠢᠵᠢᠭ ᠰᠠᠭᠤᠳᠠᠯ ᠤᠨ ᠮᠠᠰᠢᠨ ᠲᠡᠷᠭᠡ ᠵᠢᠴᠢ ᠬᠥᠳᠡᠭᠡ ᠲᠣᠰᠬᠤᠨ ᠤ ᠭᠠᠵᠠᠷ ᠣᠷᠣᠨ ᠤ ᠲᠷᠠᠺᠲ᠋ᠣᠷ᠂ ᠭᠤᠷᠪᠠᠨ ᠬᠦᠷᠳᠦᠲᠦ ᠲᠡᠷᠭᠡ᠂ ᠬᠤᠶᠠᠷ ᠬᠦᠷᠳᠦᠲᠦ ᠮᠣᠲ᠋ᠣᠷ ᠲᠡᠷᠭᠡ᠃    ︵ᠭᠤᠷᠪᠠ︶ ᠬᠠᠤᠯᠢ ᠠᠴᠠ ᠭᠤᠤᠯᠳᠠᠯᠭ᠎ᠠ ᠲᠠᠢ ᠵᠥᠷᠢᠴᠡᠬᠦ᠄ ᠳᠡᠭᠡᠳᠦ ᠬᠤᠷᠳᠤ ᠶᠢᠨ ᠵᠠᠰᠠᠮᠠᠯ ᠵᠠᠮ ᠳᠡᠭᠡᠷ᠎ᠡ ᠶᠠᠳᠠᠷᠠᠭᠤ ᠪᠠᠷ ᠲᠡᠷᠭᠡ ᠵᠢᠯᠣᠭᠤᠳᠬᠤ᠂ ᠲᠣᠭᠲᠠᠭᠰᠠᠨ ᠲᠡᠷᠭᠡᠨ ᠵᠠᠮ ᠢᠶᠠᠷ ᠶᠠᠪᠤᠭᠤᠯᠬᠤ ᠥᠬᠡᠶ᠂ ᠪᠠᠴᠢᠮ ᠪᠠᠶᠢᠳᠠᠯ ᠢ ᠠᠷᠭᠠᠴᠠᠬᠤ ᠲᠡᠷᠭᠡᠨ ᠵᠠᠮ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠶᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ︔ ᠡᠩ ᠤᠨ ᠵᠠᠰᠠᠮᠠᠯ ᠵᠠᠮ ᠳᠡᠭᠡᠷ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠬᠥᠮᠦᠨ ᠤ ᠲᠤᠭ᠎ᠠ ᠠᠴᠠ ᠬᠡᠲᠦᠷᠡᠭᠦᠯᠦᠭᠰᠡᠨ᠂ ᠬᠠᠤᠯᠢ ᠠᠴᠠ ᠵᠥᠷᠢᠴᠡᠨ ᠬᠥᠮᠦᠨ ᠠᠴᠢᠶᠠᠯᠠᠭᠰᠠᠨ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠤᠭᠰᠠᠨ᠂ ︽ᠳᠤᠭᠤᠯᠠᠭ᠎ᠠ ᠪᠠᠨ ᠵᠡᠭᠦᠭᠰᠡᠨ ᠦᠭᠡᠢ ᠪᠠ ᠠᠶᠤᠯ ᠦᠭᠡᠢ ᠶᠢᠨ ᠪᠦᠰᠡ ᠪᠦᠰᠡᠯᠡᠭᠰᠡᠨ ᠦᠭᠡᠢ︾᠂ ᠳᠣᠬᠢᠶ᠎ᠠ ᠶᠢ ᠰᠢᠪᠲᠤᠯᠤᠭᠰᠠᠨ᠂ ᠬᠡᠮᠵᠢᠶ᠎ᠡ ᠠᠴᠠ ᠬᠡᠲᠦᠷᠡᠭᠦᠯᠦᠭᠰᠡᠨ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠭᠰᠠᠨ᠂ ᠶᠠᠳᠠᠷᠠᠭᠤ ᠪᠠᠷ ᠲᠡᠷᠭᠡ ᠵᠢᠯᠣᠭᠤᠳᠤᠭᠰᠠᠨ ᠵᠡᠷᠭᠡ ᠶᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃     ᠨᠢᠭᠡᠳᠦᠯᠲᠡᠶ ᠠᠵᠢᠯᠯᠠᠭᠠᠨ ᠤ ᠭᠠᠷᠠᠭ᠂ ᠨᠢᠭᠡᠳᠦᠯᠲᠡᠶ ᠠᠵᠢᠯᠯᠠᠭᠠᠨ ᠤ ᠡᠳᠦᠷ ᠤᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ G110 ᠤᠯᠤᠰ ᠤᠨ ᠵᠠᠮ ᠢ ᠭᠤᠤᠯᠳᠠᠯᠭ᠎ᠠ ᠲᠠᠢ ᠦᠢᠯᠡᠴᠢᠯᠡᠭᠡᠨ ᠤ ᠱᠤᠭᠤᠮ ᠪᠣᠯᠭᠠᠵᠤ᠂ ᠶᠢᠰᠦᠨ ᠬᠤᠰᠢᠭᠤ ᠰᠢᠶᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠲᠣᠰ ᠲᠣᠰ ᠬᠠᠷᠢᠶᠠᠲᠤ ᠣᠷᠣᠨ ᠤ ᠭᠤᠤᠯ ᠪᠣᠯᠬᠤ ᠵᠠᠰᠠᠮᠠᠯ ᠵᠠᠮ ᠢ ᠰᠣᠩᠭᠤᠨ ᠭᠤᠤᠯᠳᠠᠯᠭ᠎ᠠ ᠲᠠᠢ ᠦᠢᠯᠡᠴᠢᠯᠡᠭᠡᠨ ᠤ ᠱᠤᠭᠤᠮ ᠪᠣᠯᠭᠠᠵᠤ᠂ ᠶᠡᠭᠡ ᠠᠩᠭᠢ᠂ ᠳᠤᠮᠳᠠ ᠠᠩᠭᠢ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠰᠠᠮᠠᠯ ᠵᠠᠮ ᠳᠠᠭᠠᠤ ᠶᠢᠨ ᠰᠡᠷᠡᠮᠵᠢ ᠶᠢᠨ ᠳᠣᠬᠢᠶ᠎ᠠ ᠶᠢᠨ ᠨᠣᠷᠮ᠎ᠠ ᠳᠣᠤᠷ᠎ᠠ᠂ ︽ᠥᠷᠯᠥᠭᠡ ᠦᠳᠡᠰᠢ︾ ᠶᠢᠨ ᠬᠠᠮᠢᠶᠠᠷᠤᠯᠲᠠ ᠡᠵᠡᠮᠳᠡᠯ ᠪᠠᠭᠤᠷᠠᠶ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃
 图3.jpg 
    ᠠᠵᠢᠯᠯᠠᠭ᠎ᠠ ᠶᠢᠨ ᠳᠤᠮᠳᠠ᠂ ᠰᠠᠯᠪᠤᠷᠢ ᠠᠩᠭᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠪᠡᠶ᠎ᠡ ᠪᠠᠨ ᠳᠠᠭᠠᠭᠠᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ︽ᠰᠤᠳᠤᠯᠤᠨ ᠮᠠᠭᠠᠳᠯᠠᠬᠤ᠂ ᠪᠠᠶᠢᠷᠢᠯᠠᠭᠤᠯᠤᠨ ᠡᠵᠡᠮᠳᠡᠬᠦ᠂ ᠬᠠᠰᠢᠨ ᠪᠠᠶᠢᠴᠠᠭᠠᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠦᠨᠳᠦ ᠨᠣᠴᠢᠲᠠᠶ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠠᠰᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠪᠠᠷᠠᠭᠠᠨ ᠤ ᠲᠡᠷᠭᠡ ᠶᠢᠨ ᠬᠦᠨᠳᠦ ᠨᠣᠴᠢᠲᠠᠶ ᠶᠠᠳᠠᠷᠠᠭᠤ ᠪᠠᠷ ᠲᠡᠷᠭᠡ ᠵᠢᠯᠣᠭᠤᠳᠤᠭᠰᠠᠨ ᠰᠡᠵᠢᠭᠯᠡᠯᠲᠡᠶ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠢᠯᠣᠭᠤᠳᠬᠤ ᠲᠥᠪ ᠤᠨ ᠳᠣᠭᠢᠷᠠᠭᠤᠯᠤᠨ ᠬᠠᠰᠢᠨ ᠪᠠᠶᠢᠴᠠᠭᠠᠬᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠥᠷᠲᠡᠭᠡ ᠶᠢᠨ ᠤᠷᠢᠳᠴᠢᠯᠠᠨ ᠰᠡᠷᠡᠮᠵᠢᠯᠡᠭᠦᠯᠵᠦ ᠬᠠᠰᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠴᠠᠭ ᠲᠤᠬᠠᠶ ᠳᠤ ᠨᠢ ᠬᠠᠰᠢᠨ ᠪᠠᠶᠢᠴᠠᠭᠠᠨ ᠵᠠᠯᠠᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃
图4.jpg  
    ᠠᠵᠢᠯᠯᠠᠭ᠎ᠠ ᠶᠢᠨ ᠳᠤᠮᠳᠠ᠂ ᠡᠯ᠎ᠡ ᠶᠡᠭᠡ ᠠᠩᠭᠢ ᠤᠷᠢᠳᠠᠪᠠᠷ ᠤᠬᠠᠭᠤᠯᠬᠤ ᠶᠢ ᠴᠢᠩᠭᠠᠳᠬᠠᠵᠤ᠂ ᠡᠯ᠎ᠡ ᠲᠥᠷᠥᠯ ᠤᠨ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠣᠯᠠᠨ ᠤᠳᠠᠭ᠎ᠠ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢᠯᠡᠭᠦᠯᠦᠨ ᠢᠯᠡᠴᠢᠯᠡᠬᠦ ᠶᠢ ᠴᠢᠩᠭᠠᠳᠬᠠᠵᠤ᠂ ᠴᠡᠭᠴᠡᠯᠡᠨ ᠵᠠᠰᠠᠬᠤ ᠠᠭᠤᠷ ᠠᠮᠢᠰᠬᠤᠯ ᠢ ᠪᠣᠶ ᠪᠣᠯᠭᠠᠪᠠ᠃ ᠬᠥᠳᠡᠭᠡ ᠲᠣᠰᠬᠤᠨ ᠤ ᠪᠤᠶᠢᠳᠠ ᠪᠥᠭᠯᠡᠭᠦᠦ ᠭᠠᠵᠠᠷ ᠣᠷᠣᠨ ᠳᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠭᠤᠷᠢᠨ ᠲᠠᠶᠢᠯᠪᠤᠷᠢᠯᠠᠯᠲᠠ ᠶᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠤ ︽ᠲᠣᠮᠣ ᠯᠠᠪᠠᠷ︾ ᠢ ᠰᠠᠶᠢᠲᠤᠷ ᠠᠰᠢᠭᠯᠠᠵᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ᠂ ᠲᠣᠰᠬᠤᠨ ᠪᠠᠯᠭᠠᠰᠤ ᠪᠠᠷ ᠥᠩᠭᠡᠷᠡᠬᠦ ᠵᠠᠮ ᠤᠨ ᠬᠡᠰᠡᠭ ᠵᠡᠷᠭᠡ ᠬᠥᠮᠦᠨ ᠲᠡᠷᠭᠡ ᠣᠯᠠᠨ ᠴᠤᠭᠯᠠᠷᠠᠳᠠᠭ ᠭᠠᠵᠠᠷ ᠲᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯ ᠥᠷᠨᠢᠭᠦᠯᠵᠦ᠂ ᠲᠠᠷᠢᠮᠠᠯ ᠲᠡᠵᠢᠭᠡᠪᠦᠷᠢ ᠶᠢᠨ ᠲᠠᠯᠠᠪᠠᠢ᠂ ᠦᠢᠯᠡᠳᠪᠦᠷᠢ ᠶᠢᠨ ᠲᠣᠭᠤᠷᠢᠭ ᠪᠠᠷᠢᠯᠭ᠎ᠠ ᠶᠢᠨ ᠭᠠᠵᠠᠷ ᠵᠡᠷᠭᠡ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠭᠦᠨᠵᠡᠭᠡᠶᠢᠷᠡᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ︽ᠨᠢᠭᠡ ᠨᠠᠰᠤᠲᠠᠨ ᠨᠢᠭᠡ ᠪᠠᠭ᠎ᠠ︾ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠴᠢᠭᠯᠡᠭᠦᠯᠦᠨ ᠲᠦᠷᠦᠯ ᠬᠤᠪᠢᠶᠠᠨ ᠤᠬᠠᠭᠤᠯᠬᠤ ᠶᠢ ᠴᠢᠩᠭᠠᠳᠬᠠᠵᠤ᠂ ︽ᠬᠤᠶᠠᠷ ᠵᠥᠪᠯᠡᠯ ᠤᠨ ᠺᠠᠳ᠋ᠷ︾᠂ ᠢᠳᠬᠠᠭᠴᠢ ᠶᠢ ᠲᠠᠶᠢᠴᠢᠯᠠᠨ ᠠᠶᠢᠯ ᠲᠣᠰᠬᠤᠨ ᠳᠤ ᠣᠴᠢᠭᠤᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ ᠤᠬᠠᠭᠤᠯᠭ᠎ᠠ ᠢᠳᠬᠠᠯ ᠥᠷᠨᠢᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ᠂ ᠬᠥᠯᠥᠰᠥᠨ ᠠᠵᠢᠯ ᠬᠢᠵᠦ ᠪᠠᠶᠢᠭ᠎ᠠ ᠬᠥᠮᠦᠰ᠂ ︽ᠨᠢᠭᠡ ᠨᠠᠰᠤᠲᠠᠨ ᠨᠢᠭᠡ ᠪᠠᠭ᠎ᠠ︾ ᠶᠢᠨ ᠬᠠᠮᠲᠤᠯᠢᠭ ᠲᠤ ᠬᠠᠤᠯᠢ ᠶᠢ ᠵᠥᠷᠢᠴᠡᠨ ᠬᠥᠮᠦᠨ ᠤ ᠲᠤᠭ᠎ᠠ ᠠᠴᠠ ᠬᠡᠲᠦᠷᠡᠭᠰᠡᠨ᠂ ᠬᠠᠤᠯᠢ ᠶᠢ ᠵᠥᠷᠢᠴᠡᠨ ᠬᠥᠮᠦᠨ ᠰᠠᠭᠤᠯᠭᠠᠭᠰᠠᠨ ᠮᠠᠰᠢᠨ ᠲᠡᠷᠭᠡ ᠶᠢ ᠵᠢᠯᠣᠭᠤᠳᠴᠤ ᠪᠣᠯᠬᠤ ᠦᠭᠡᠢ ᠭᠡᠵᠦ ᠰᠠᠨᠠᠭᠤᠯᠪᠠ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ