ᠵᠧᠩ ᠭᠤᠸᠠᠩ ᠵᠣᠤ ᠬᠠᠩᠰᠢ ᠶᠢᠨ ᠡᠳᠦᠷ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠨᠢᠭᠡᠳᠦᠭᠡᠷ ᠹᠷᠣᠨᠲ ᠤᠨ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/4/10
    4 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠪᠠ ᠺᠸᠤ ᠽᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ᠂ ᠰᠢᠨᠬᠤᠸᠠ ᠲᠠᠯᠠᠪᠠᠶ ᠵᠢᠴᠢ ᠡᠷᠬᠢᠨ ᠲᠣᠭᠤᠷᠢᠨ ᠤ ᠬᠤᠳᠠᠯᠳᠤᠭᠠᠨ ᠤ ᠲᠣᠭᠤᠷᠢᠭ᠂ ᠲᠧᠩ ᠹᠸᠢ ᠵᠠᠮ ᠤᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠥᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ᠂ ᠬᠠᠩᠰᠢ ᠶᠢᠨ ᠡᠳᠦᠷ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ᠂ ᠨᠢᠭᠡᠳᠦᠭᠡᠷ ᠹᠷᠣᠨᠲ ᠤᠨ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠲᠣᠬᠤᠨᠢᠭᠤᠯᠪᠠ᠃
640.png  
    ᠬᠤᠲᠣᠩ ᠦᠨᠳᠦᠰᠦᠲᠡᠨ ᠤ ᠲᠣᠭᠤᠷᠢᠭ ᠤᠨ ᠪᠠ ᠺᠸᠤ ᠽᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠳᠤ᠂ ᠵᠧᠩ ᠭᠤᠸᠠᠩ ᠵᠣᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠠᠮᠤᠷ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠬᠠᠮᠲᠤ ᠵᠢᠵᠢᠭᠦᠷᠯᠡᠬᠦ ᠲᠠᠰᠤᠭ᠂ ᠵᠢᠵᠢᠭᠦᠷᠯᠡᠬᠦ ᠭᠠᠵᠠᠷ ᠢ ᠪᠠᠶᠢᠴᠠᠭᠠᠨ ᠦᠵᠡᠵᠦ᠂ ᠬᠠᠩᠰᠢ ᠶᠢᠨ ᠬᠤᠭᠤᠴᠠᠭᠠᠨ ᠳᠤ ᠵᠢᠵᠢᠭᠦᠷᠯᠡᠬᠦ ᠪᠡᠯᠡᠳᠬᠡᠯ ᠠᠵᠢᠯ᠂ ᠬᠤᠳᠠ ᠪᠠᠷ ᠣᠷᠣᠵᠤ ᠭᠠᠷᠬᠤ ᠲᠡᠷᠭᠡᠨ ᠤ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠰᠢᠨ᠎ᠡ ᠶᠢ ᠡᠭᠦᠳᠴᠦ ᠪᠠᠶᠢᠭᠤᠯᠤᠭᠰᠠᠨ ᠲᠦᠷᠪᠡᠨ ᠲᠥᠷᠦᠯ ᠤᠨ ᠴᠠᠭᠳᠠᠭ᠎ᠠ ᠶᠢᠨ ᠬᠠᠮᠲᠤᠷᠠᠨ ᠬᠥᠳᠡᠯᠦᠯᠴᠡᠭᠰᠡᠨ ᠲᠣᠭᠤᠷᠢᠨ ᠰᠡᠷᠭᠡᠶᠢᠯᠡᠬᠦ ᠡᠵᠡᠮᠳᠡᠬᠦ ᠠᠵᠢᠯ ᠤᠨ ᠲᠣᠭᠲᠠᠴᠠ ᠶᠢ ᠨᠤᠲᠠᠯᠠᠪᠠ᠃ ᠲᠡᠷᠡ᠂ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠤ ᠳᠠᠬᠢᠯᠭ᠎ᠠ ᠬᠢᠬᠦ᠂ ᠵᠢᠭᠤᠯᠴᠢᠯᠠᠯ ᠤᠨ ᠬᠥᠮᠦᠨ ᠤ ᠲᠤᠭ᠎ᠠ ᠪᠠ ᠲᠡᠷᠭᠡᠨ ᠤ ᠲᠤᠭ᠎ᠠ ᠶᠡᠭᠡ ᠪᠠᠷ ᠨᠡᠮᠡᠭᠳᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠦᠨᠳᠦ᠂ ᠳᠠᠷᠤᠯᠲᠠ ᠶᠡᠭᠡ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠴᠠᠭᠳᠠᠭᠠᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠲᠥᠭᠵᠢᠷᠡᠯ ᠢ ᠨᠡᠪᠲᠡᠷᠡᠭᠦᠯᠬᠦ ᠰᠠᠭᠠᠳ ᠥᠬᠡᠶ ᠪᠠᠶᠢᠯᠭᠠᠬᠤ ᠶᠢ ᠪᠠᠲᠤᠯᠠᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ︽ᠬᠥᠮᠦᠨ᠂ ᠲᠡᠷᠭᠡ᠂ ᠵᠠᠮ᠂ ᠠᠵᠤ ᠠᠬᠤᠶᠢᠯᠠᠯ︾ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠡᠯ ᠪᠣᠯᠤᠨ ᠶᠡᠭᠡ ᠬᠡᠪᠴᠢᠶ᠎ᠡ ᠪᠠᠷ ᠣᠷᠳᠣ ᠬᠤᠭᠤᠴᠠᠭ᠎ᠠ ᠪᠠᠷ ᠲᠡᠷᠭᠡ ᠬᠥᠰᠬᠡ ᠲᠦᠭᠵᠢᠷᠡᠬᠦ ᠶᠢ ᠴᠢᠩᠭ᠎ᠠ ᠰᠡᠷᠭᠡᠶᠢᠯᠡᠵᠦ᠂ ᠣᠯᠠᠨ ᠲᠦᠮᠡᠨ ᠳᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
 微信图片_20240410094127.png 
    ᠰᠢᠨᠬᠤᠸᠠ ᠲᠠᠯᠠᠪᠠᠢ ᠳᠤ᠂ ᠵᠧᠩ ᠭᠤᠸᠠᠩ ᠵᠣᠤ ᠬᠥᠭᠵᠢᠶᠡᠨ ᠨᠠᠷᠭᠢᠶᠠᠨ ᠲᠠᠢ ᠬᠤᠳᠠᠯᠳᠤᠭᠠᠨ ᠤ ᠲᠣᠭᠤᠷᠢᠭ᠂ ᠣᠨᠴᠠ ᠲᠥᠷᠦᠯ ᠤᠨ ᠴᠠᠭᠳᠠᠭ᠎ᠠ ᠶᠢᠨ ᠵᠢᠵᠢᠭᠦᠷᠯᠡᠬᠦ ᠲᠣᠭᠤᠷᠢᠨ ᠴᠠᠭᠳᠠᠬᠤ ᠭᠠᠵᠠᠷ ᠲᠤ ᠭᠦᠨᠵᠡᠭᠡᠶᠢᠷᠡᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ᠂ ᠲᠣᠭᠤᠷᠢᠨ ᠴᠠᠭᠳᠠᠵᠤ ᠵᠢᠵᠢᠭᠦᠷᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠡᠶᠢᠭᠡᠮ ᠤᠨ ᠠᠮᠤᠷ ᠲᠦᠪᠰᠢᠨ ᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠲᠣᠭᠤᠷᠢᠨ ᠴᠠᠭᠳᠠᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠪᠠ ᠬᠢᠨᠠᠨ ᠡᠵᠡᠮᠳᠡᠭᠦᠷ ᠢᠶᠠᠷ ᠬᠢᠨᠠᠨ ᠡᠵᠡᠮᠳᠡᠬᠦ᠂ ᠰᠦᠯᠵᠢᠶ᠎ᠡ ᠲᠡᠭᠡᠷ᠎ᠡ ᠪᠠᠶᠢᠴᠠᠭᠠᠬᠤ ᠦᠢᠯᠡᠳᠦᠯ ᠢ ᠪᠠᠳᠠᠷᠠᠭᠤᠯᠵᠤ᠂ ᠬᠥᠭᠵᠢᠶᠡᠨ ᠨᠠᠷᠭᠢᠶᠠᠨ ᠲᠠᠢ ᠬᠤᠳᠠᠯᠳᠤᠭᠠᠨ ᠤ ᠲᠣᠭᠤᠷᠢᠭ᠂ ᠵᠤᠭᠠᠴᠠᠯ ᠤᠨ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ ᠲᠡᠷᠭᠡᠨ ᠦᠷᠲᠡᠭᠡ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠮᠦᠨ ᠤᠯᠠᠨ ᠴᠤᠭᠯᠠᠷᠠᠭᠰᠠᠨ ᠲᠠᠯᠠᠪᠤᠷ ᠲᠤ ᠲᠣᠭᠤᠷᠢᠨ ᠴᠠᠭᠳᠠᠬᠤ ᠡᠵᠡᠮᠳᠡᠬᠦ ᠶᠢ ᠴᠢᠩᠭᠠᠳᠬᠠᠵᠤ᠂ ᠴᠠᠭᠳᠠᠭ᠎ᠠ ᠶᠢ ᠣᠯᠵᠤ ᠦᠵᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 微信图片_20240410094204.png  
    ᠲᠧᠩ ᠹᠸᠢ ᠵᠠᠮ ᠤᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠥᠷᠲᠡᠭᠡ ᠳᠤ᠂ ᠵᠧᠩ ᠭᠤᠸᠠᠩ ᠵᠣᠤ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ᠂ ᠵᠢᠵᠢᠭᠦᠷ ᠤᠨ ᠪᠡᠯᠡᠳᠬᠡᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠲᠡᠷᠡ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠵᠢᠵᠢᠭᠦᠷᠯᠡᠬᠦ ᠪᠠ ᠵᠢᠵᠢᠭᠦᠷᠯᠡᠬᠦ ᠳᠤ ᠪᠡᠯᠡᠳᠭᠡᠬᠦ ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠡᠮᠦᠷ ᠮᠡᠲᠦ ᠴᠠᠭᠠᠵᠠ ᠵᠠᠷᠯᠢᠭ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠬᠥᠮᠦᠵᠢᠭᠦᠯᠦᠨ ᠵᠢᠯᠣᠭᠤᠳᠴᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠠᠶᠢᠵᠢᠷᠠᠭᠤᠯᠤᠨ᠂ ︽ᠬᠠᠤᠯᠢ ᠬᠡᠷᠡᠭᠵᠢᠭᠦᠯᠬᠦ ᠤᠶᠠᠨ ᠬᠠᠳᠠᠨ ᠲᠥᠪ ᠭᠤᠤᠯᠴᠢ ᠪᠣᠯᠪᠠᠰᠤᠨ︾ ᠢ ᠢᠯᠡᠷᠡᠭᠦᠯᠬᠦ ᠬᠡᠷᠡᠭᠲᠡᠶ ᠭᠡᠵᠡᠶ᠃ ᠴᠠᠭᠳᠠᠭ᠎ᠠ ᠶᠢ ᠬᠠᠶᠢᠷᠠᠯᠠᠵᠤ ᠬᠠᠷᠠᠭᠠᠯᠵᠠᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭᠳᠠᠭᠠᠨ ᠤ ᠬᠦᠴᠦᠨ ᠤ ᠵᠢᠵᠢᠭᠦᠷᠯᠡᠬᠦ ᠪᠡᠯᠡᠳᠬᠡᠯ ᠠᠵᠢᠯ ᠪᠠ ᠡᠭᠡᠯᠵᠢᠯᠡᠨ ᠠᠮᠠᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠢᠮᠠᠭᠲᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠠ ᠥᠨᠢ ᠤᠳᠠᠭᠠᠨ ᠤ ᠲᠠᠶᠢᠴᠢᠨ ᠬᠦᠴᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   
ᠢᠷᠡᠯᠲᠡ᠄ ᠥᠪᠡᠷᠳᠡᠭᠡᠨ ᠵᠠᠰᠠᠬᠤ ᠣᠷᠣᠨ ᠤ ᠲᠣᠳᠤᠭᠠᠳᠤ ᠶᠢ ᠬᠠᠮᠠᠭᠠᠯᠠᠬᠤ ᠲᠢᠩᠬᠢᠮ