ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠯᠧᠢ ᠹᠧᠩ ᠠᠴᠠ ᠰᠤᠷᠤᠯᠴᠠᠵᠤ · ᠪᠢᠳᠡ ᠪᠦᠭᠦᠳᠡᠭᠡᠷ ᠢᠶᠠᠨ ᠪᠣᠯᠪᠠᠰᠤᠨ ᠢ ᠦᠢᠯᠡᠳᠦᠯᠭᠡᠵᠢᠭᠦᠯᠦᠶ᠎ᠡ︾ ᠭᠤᠤᠯ ᠰᠡᠳᠡᠪᠲᠦ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/10
    3 ᠳ᠋ᠤᠭᠠᠷ ᠰᠠᠷ᠎ᠠ ᠶᠢᠨ 5 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ 20 ᠭᠠᠷᠤᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ ︽ᠯᠧᠢ ᠹᠧᠩ ᠠᠴᠠ ᠰᠤᠷᠤᠯᠴᠠᠵᠤ· ᠪᠢᠳᠡ ᠪᠦᠭᠦᠳᠡᠭᠡᠷ ᠢᠶᠠᠨ ᠪᠣᠯᠪᠠᠰᠤᠨ ᠢ ᠦᠢᠯᠡᠳᠦᠯᠭᠡᠵᠢᠭᠦᠯᠦᠶ᠎ᠡ︾ ᠭᠡᠬᠦ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ᠃
微信图片_20240308193439.jpg   
    ᠠᠵᠢᠯᠯᠠᠭ᠎ᠠ ᠶᠢᠨ ᠳᠤᠮᠳᠠ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠷᠴᠢ ᠵᠣᠷᠢᠭ ᠲᠡᠭᠦᠯᠳᠡᠷ ᠪᠠᠶᠢᠵᠤ᠂ ᠬᠠᠷᠢᠶᠠᠲᠤ ᠣᠷᠣᠨ ᠤ ᠬᠤᠭ ᠨᠣᠪᠰᠢ ᠶᠢ ᠴᠡᠪᠡᠷᠯᠡᠨ᠂ ︽ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠪᠤᠵᠠᠷ ᠠᠴᠠ ᠠᠶᠤᠬᠤ ᠦᠭᠡᠢ︾ ᠯᠧᠢ ᠹᠧᠩ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠡᠷᠭᠢᠨ ᠲᠣᠭᠤᠷᠢᠨ ᠤ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠭᠤᠶᠣ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ ︽ᠪᠣᠯᠪᠠᠰᠤᠨ ᠬᠤᠲᠠ ᠶᠢ ᠪᠢᠳᠡ ᠬᠠᠮᠲᠤ ᠪᠠᠷ ᠴᠤᠭᠴᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠠᠴᠠ ︽ᠯᠧᠢ ᠹᠧᠩ ᠠᠴᠠ ᠰᠤᠷᠤᠯᠴᠠᠬᠤ ᠡᠳᠦᠷ︾ ᠢᠶᠠᠷ ᠠᠵᠠ ᠲᠣᠬᠢᠶᠠᠯ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠡᠳᠬᠢᠯ ᠳᠤ ᠪᠠᠨ ᠬᠠᠳᠠᠩᠰᠢᠭᠤᠯᠬᠤ ᠶᠢᠨ ᠬᠠᠮᠲᠤ ᠬᠤᠶᠢᠰᠢᠳᠠ ᠶᠢᠨ ᠠᠵᠢᠯ ᠤᠨ ᠳᠤᠮᠳᠠ ᠪᠠᠨ ᠯᠧᠢ ᠹᠧᠩ ᠨᠥᠬᠦᠷ ᠤᠨ ᠪᠤᠰᠤᠳ ᠢ ᠬᠠᠪᠰᠤᠷᠬᠤ ᠳᠤᠷᠠᠲᠠᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠰᠤᠷᠤᠯᠴᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠨ᠎ᠠ ᠭᠡᠵᠦ ᠢᠯᠡᠳᠬᠡᠵᠡᠭᠡᠪᠡ᠃ ︵ᠤᠷᠠᠳ ᠤᠨ ᠲᠤᠮᠲᠠᠲᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ  ᠡᠭᠦᠯᠠᠩᠬᠤᠸᠠᠷ  ᠮᠡᠳᠡᠭᠡᠯᠡᠪᠡ︶ 
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ