ᠬᠡᠰᠢᠭᠳᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠠᠯᠠᠢ ᠨᠠᠭᠤᠷ ᠤᠨ ᠡᠪᠦᠯ ᠤᠨ ᠠᠩᠨᠠᠯᠭ᠎ᠠ ᠶᠢᠨ ᠵᠢᠭᠤᠯᠴᠢᠯᠠᠯ ᠤᠨ ᠠᠮᠤᠷ ᠢ ᠬᠠᠮᠠᠭᠠᠯᠠᠬᠤ ᠠᠵᠢᠯ ᠢ ᠠᠮᠵᠢᠯᠳᠠᠳᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/4/10
   ᠥᠪᠥᠷ ᠮᠣᠩᠭᠤᠯ ᠤᠨ ᠳᠠᠯᠠᠢ ᠨᠠᠭᠤᠷ ᠤᠨ ᠡᠪᠦᠯ ᠤᠨ ᠠᠩᠨᠠᠯᠭ᠎ᠠ ᠶᠢᠨ ᠵᠢᠭᠤᠯᠴᠢᠯᠠᠯ ᠨᠢ 1 ᠳ᠋ᠦ᠋ᠭᠡᠷ ᠰᠠᠷ᠎ᠠ ᠶᠢᠨ 12 ᠪᠠ 13 ᠤ ᠡᠳᠦᠷ ᠦᠪᠡᠳᠡᠭᠰᠢ ᠶᠡᠭᠡ ᠪᠠᠷ ᠡᠬᠢᠯᠡᠪᠡ᠃ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠪᠦᠯ ᠤᠨ ᠠᠩᠨᠠᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠠᠬᠢ ᠬᠠᠷᠢᠴᠠᠯᠠᠰᠢ ᠦᠭᠡᠢ ᠠᠮᠤᠷ ᠲᠦᠪᠰᠢᠨ ᠢᠶᠠᠷ ᠬᠠᠷᠠᠯᠲᠠ ᠪᠣᠯᠭᠠᠨ᠂ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠲᠤᠰ ᠤᠳᠠᠭᠠᠨ ᠤ ᠡᠪᠦᠯ ᠤᠨ ᠠᠩᠨᠠᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
 2.jpg 
5.jpg
 ᠲᠣᠰ ᠤᠳᠠᠭᠠᠨ ᠤ ᠡᠪᠦᠯ ᠤᠨ ᠠᠩᠨᠠᠯᠭ᠎ᠠ ᠶᠢᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠬᠠᠶ ᠶᠢᠨ ᠲᠠᠯᠠᠪᠤᠷ ᠲᠤ ᠣᠯᠠᠨ ᠤᠳᠠᠭ᠎ᠠ ᠪᠠᠶᠢᠴᠠᠭᠠᠯᠲᠠ ᠬᠢᠵᠦ᠂ ᠨᠠᠷᠢᠨ ᠨᠢᠭᠲᠠ ᠠᠵᠢᠯ ᠤᠨ ᠲᠥᠰᠦᠯ ᠲᠣᠭᠲᠠᠭᠠᠨ᠂ ᠵᠠᠮ ᠬᠠᠷᠢᠯᠴᠠᠭᠠᠨ ᠤ ᠡᠮᠬᠢ ᠳᠢᠭᠯᠢᠮ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠵᠡᠷᠭᠡ ᠣᠯᠠᠨ ᠲᠠᠯ᠎ᠠ ᠠᠴᠠ ᠴᠠᠭᠳᠠᠭᠠᠨ ᠤ ᠬᠦᠴᠦᠨ ᠤ ᠬᠤᠪᠢᠶᠠᠷᠢᠯᠠᠯᠲᠠ ᠶᠢ ᠵᠣᠬᠢᠰᠲᠠᠶ ᠲᠣᠬᠢᠷᠠᠭᠤᠯᠪᠠ᠃ ᠠᠮᠤᠷ ᠢ ᠬᠠᠮᠠᠭᠠᠯᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ᠂ ᠲᠣᠮᠢᠯᠠᠭᠰᠠᠨ ᠰᠠᠯᠪᠤᠷᠢ ᠵᠡᠷᠭᠡ ᠬᠠᠮᠢᠶ᠎ᠠ ᠪᠦᠬᠦᠢ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠤᠳ ᠠᠮᠤᠷ ᠢ ᠬᠠᠮᠠᠭᠠᠯᠠᠬᠤ ᠠᠵᠢᠯᠯᠠᠭ᠎ᠠ ᠳᠤ ᠣᠷᠤᠯᠴᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯᠯᠠᠭ᠎ᠠ ᠶᠢᠨ ᠣᠷᠤᠨ ᠤ ᠲᠤᠬᠠᠶ ᠶᠢᠨ ᠲᠠᠯᠠᠪᠠᠢ᠂ ᠡᠷᠭᠢᠨ ᠲᠣᠭᠤᠷᠢᠨ ᠵᠢᠴᠢ ᠵᠠᠮ ᠳᠠᠭᠠᠤ ᠶᠢᠨ ᠵᠠᠮ ᠬᠠᠷᠢᠯᠴᠠᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠪᠦᠯ ᠤᠨ ᠠᠩᠨᠠᠯ ᠤᠨ ᠲᠤᠬᠠᠶ ᠶᠢᠨ ᠲᠠᠯᠠᠪᠠᠢ ᠶᠢᠨ ᠡᠮᠬᠢ ᠳᠢᠭᠯᠢᠮ ᠲᠠᠢ ᠪᠠᠶᠢᠬᠤ ᠶᠢ ᠪᠠᠳᠤᠯᠠᠨ᠂ ᠠᠵᠢᠯᠯᠠᠭ᠎ᠠ ᠳᠤ ᠣᠷᠣᠯᠴᠠᠭᠰᠠᠨ ᠳᠥᠷᠪᠡᠨ ᠲᠠᠯ᠎ᠠ ᠶᠢᠨ ᠵᠣᠴᠢᠳ ᠨᠥᠬᠦᠳ ᠪᠣᠯᠤᠨ ᠥᠷᠭᠡᠨ ᠣᠯᠠᠨ ᠲᠦᠮᠡᠨ ᠤ ᠠᠮᠤᠷ ᠲᠥᠪᠰᠢᠨ ᠪᠠᠶᠢᠬᠤ ᠶᠢ ᠦᠨᠡᠨ ᠬᠦ ᠪᠠᠳᠤᠯᠠᠪᠠ᠃ ︵ᠮᠡᠳᠡᠭᠡᠯᠡᠭᠴᠢ᠄ ᠬᠡᠰᠢᠭᠳᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠣ· ᠨᠠᠰᠤᠨᠵᠠᠶᠠᠭ᠎ᠠ︶ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ