ᠬᠡᠰᠢᠭᠳᠡᠨ ᠬᠤᠰᠢᠭᠤᠨ ᠤ ᠪᠢᠷᠠᠭᠤ ᠲᠤᠮᠢᠯᠠᠭᠰᠠᠨ ᠰᠠᠯᠪᠤᠷᠢ ᠨᠢ ᠰᠦᠮ᠎ᠡ ᠭᠡᠶᠢᠳ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/4/10
    ᠰᠦᠮ᠎ᠡ ᠭᠡᠶᠢᠳ ᠤᠨ ᠭᠠᠵᠠᠷ ᠪᠤᠯ ᠰᠦᠰᠦᠭᠳᠡᠨ ᠮᠦᠷᠭᠦᠯᠴᠢᠳ ᠤᠨ ᠲᠤᠭᠳᠠᠭᠰᠠᠨ ᠡᠳᠦᠷ ᠬᠤᠷᠠᠨ ᠴᠤᠭᠯᠠᠷᠠᠳᠠᠭ ᠨᠡᠶᠢᠭᠡᠮ ᠨᠠᠶᠢᠳᠠ ᠶᠢᠨ ᠲᠠᠯᠠᠪᠤᠷ ᠪᠤᠯᠬᠤ ᠤᠴᠢᠷ ᠨᠤᠮ ᠬᠤᠷᠠᠬᠤ ᠡᠳᠦᠷ ᠪᠤᠶᠤ ᠮᠦᠷᠭᠦᠯ ᠤᠨ ᠡᠳᠦᠷ ᠪᠤᠯᠬᠤ ᠳᠤ ᠲᠤᠩ ᠤᠯᠠᠨ ᠬᠦᠮᠦᠰ ᠬᠤᠷᠠᠳᠠᠭ ᠶᠤᠮ᠃ ᠬᠡᠰᠢᠭᠳᠡᠨ ᠬᠤᠰᠢᠭᠤᠨ ᠤ ᠪᠢᠷᠠᠭᠤ ᠪᠠᠯᠭᠠᠰᠤᠨ ᠳᠤ ︽ᠪᠠᠶᠠᠰᠬᠤᠯᠠᠩ ᠠᠮᠤᠭᠤᠯᠠᠩᠳᠦ ᠰᠦᠮ᠎ᠡ︾ ︽ᠯᠠᠯᠤ ᠶᠢᠨ ᠰᠦᠮ᠎ᠡ︾ ︽ᠯᠤᠤᠶᠧ ᠶᠢᠨ ᠰᠦᠮ᠎ᠡ︾ ᠵᠡᠷᠭᠡ ᠭᠤᠷᠪᠠᠨ ᠰᠠᠭᠤᠷᠢ ᠱᠠᠰᠢᠨ ᠤ ᠠᠵᠢᠯᠯᠠᠭ᠎ᠠ ᠶᠢᠨ ᠰᠦᠮ᠎ᠡ ᠲᠤᠭᠠᠡᠭ ᠪᠠᠶᠢᠳᠠᠭ᠃ ᠡᠨᠡ ᠬᠦ ᠪᠠᠶᠢᠳᠠᠯ ᠳᠤ ᠴᠢᠭᠯᠡᠭᠦᠯᠦᠨ ᠬᠡᠰᠢᠭᠳᠡᠨ ᠬᠤᠰᠢᠭᠤᠨ ᠤ ᠲᠤᠳᠤᠭᠠᠳᠤ  ᠶᠢ ᠬᠠᠮᠠᠭᠠᠯᠠᠬᠤ ᠲᠤᠪᠴᠢᠶ᠎ᠠ ᠶᠢᠨ ᠪᠢᠷᠠᠭᠤ ᠲᠤᠮᠢᠯᠠᠭᠰᠠᠨ ᠰᠠᠯᠪᠤᠷᠢ ᠨᠢ ᠠᠷᠠᠳ ᠲᠦᠮᠡᠨ ᠤ ᠠᠮᠤᠷ ᠲᠤᠪᠰᠢᠨ ᠪᠠ ᠭᠠᠯ ᠰᠡᠷᠭᠡᠶᠢᠯᠡᠬᠦ ᠠᠵᠢᠯ ᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠦ ᠤᠶᠢᠷ᠎ᠠ ᠶᠢᠨ ᠡᠳᠦᠷ ᠬᠤᠰᠢᠭᠤᠨ ᠤ ᠱᠠᠰᠢᠨ ᠰᠤᠷᠳᠠᠬᠤᠨ ᠤ ᠲᠤᠪᠴᠢᠶ᠎ᠠ ᠲᠠᠢ ᠬᠠᠮᠳᠤᠷᠠᠨ ᠶᠡᠭᠡ ᠪᠠᠶᠢᠴᠠᠭᠠᠯᠳᠠ ᠴᠡᠭᠴᠡᠯᠡᠯᠳᠡ ᠥᠷᠨᠢᠭᠦᠯᠪᠡ᠃
mmexport1708950902873.jpg   
    ᠲᠡᠳᠡ ᠪᠠᠶᠢᠴᠠᠭᠠᠯᠳᠠ ᠲᠤᠮᠳᠠ ᠰᠦᠮ᠎ᠡ ᠲᠤᠭᠠᠡᠭ ᠤᠨ ᠠᠮᠤᠷ ᠲᠤᠪᠰᠢᠨ ᠢᠶᠠᠷ ᠭᠠᠷᠴᠦ ᠤᠷᠤᠬᠤ ᠡᠭᠦᠳᠡ᠂ ᠲᠠᠷᠬᠠᠭᠠᠨ ᠶᠠᠪᠤᠭᠤᠯᠬᠤ ᠲᠡᠮᠳᠡᠭ᠂ ᠪᠠᠴᠢᠮ ᠪᠠᠶᠢᠳᠠᠯ ᠳᠠᠬᠢ ᠭᠡᠷᠡᠯᠳᠦᠭᠦᠯᠭᠡ ᠵᠡᠷᠭᠡ ᠶᠢ ᠪᠠᠶᠢᠴᠠᠭᠠᠵᠤ᠂ ᠰᠦᠮ᠎ᠡ ᠲᠤᠭᠠᠡᠭ ᠲᠤᠳᠤᠷᠠᠬᠢ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠵᠤᠯᠠ ᠠᠰᠠᠭᠠᠬᠤ ᠲᠠᠯᠪᠢᠭᠤᠷ᠂ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ ᠵᠡᠷᠭᠡ ᠶᠢ ᠨᠠᠷᠢᠨ ᠨᠢᠭᠳᠠ ᠪᠠᠶᠢᠴᠠᠭᠠᠵᠤ ᠬᠢᠷᠢ ᠳᠡᠩᠴᠡᠬᠦ ᠦᠭᠡᠢ ᠭᠠᠵᠠᠷ ᠢ ᠨᠢ ᠡᠷᠢᠯᠬᠢᠯᠡᠨ ᠭᠠᠷᠭᠠᠵᠤ ᠵᠠᠰᠠᠨ ᠴᠡᠭᠴᠡᠯᠡᠬᠦ ᠮᠡᠳᠡᠭᠳᠡᠯ ᠤᠨ ᠪᠢᠴᠢᠭ ᠪᠠᠭᠤᠯᠭᠠᠵᠤ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠱᠠᠭᠠᠷᠳᠠᠪᠠ᠃     ᠡᠨᠡ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠤᠯᠠᠨ ᠨᠡᠶᠢᠳᠡ ᠶᠢᠨ ᠲᠠᠯᠠᠪᠤᠷ ᠤᠨ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠭᠴᠢ ᠬᠦᠮᠦᠰ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠭᠡᠨᠡᠳᠳᠡ ᠶᠢᠨ ᠬᠡᠷᠡᠭ ᠪᠠᠶᠢᠳᠠᠯ ᠭᠠᠷᠬᠤ ᠠᠴᠠ ᠰᠡᠷᠭᠡᠶᠢᠯᠡᠨ᠂ ᠪᠦᠬᠦ ᠬᠤᠰᠢᠭᠤᠨ ᠤ ᠤᠯᠠᠨ ᠨᠡᠶᠢᠳᠡ ᠶᠢᠨ ᠭᠠᠵᠠᠷ ᠤᠨ ᠠᠮᠤᠷ ᠲᠤᠪᠰᠢᠨ ᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︵ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠰᠤᠨᠵᠠᠶᠠᠭ᠎ᠠ ᠮᠡᠳᠡᠭᠡᠯᠡᠪᠡ︶ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ