ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠯᠠᠭᠤᠨ ᠭᠠᠷ ᠢᠶᠠᠨ ᠰᠤᠩᠭᠠᠨ ᠣᠯᠠᠨ ᠲᠦᠮᠡᠨ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠪᠠ
ᠨᠡᠶᠢᠲᠡᠯᠡᠭᠰᠡᠨ ᠴᠠᠭ᠄
2024/4/10
     ᠣᠶᠢᠷ᠎ᠠ ᠶᠢᠨ ᠡᠳᠦᠷ ᠤᠳ ᠲᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠷᠢᠶᠠᠲᠤ ᠣᠷᠣᠨ ᠤ ᠠᠭᠠᠷ ᠤᠨ ᠳᠤᠯᠠᠭᠠᠨ ᠳᠣᠷᠤᠭᠰᠢᠯᠠᠵᠤ᠂ ᠰᠥᠨᠢ ᠶᠢᠨ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠲᠡᠭ ᠠᠴᠠ ᠳᠣᠷᠣᠭᠰᠢ ᠭᠤᠴᠢᠨ ᠭᠷᠠᠳᠦ᠋ᠰ ᠬᠦᠷᠴᠦ᠂ ᠡᠳᠦᠷ ᠤᠨ ᠠᠭᠠᠷ ᠤᠨ ᠳᠤᠯᠠᠭᠠᠨ ᠴᠤ ᠲᠡᠭ ᠠᠴᠠ ᠳᠣᠷᠣᠭᠰᠢ ᠬᠤᠷᠢᠭᠠᠳ ᠭᠷᠠᠳᠦ᠋ᠰ ᠪᠠᠶᠢᠵᠤ᠂ ᠣᠯᠠᠨ ᠲᠡᠷᠭᠡ ᠵᠠᠮ ᠳᠡᠭᠡᠷ᠎ᠡ ᠠᠶᠠᠯᠠᠵᠤ ᠲᠡᠶᠢᠯᠬᠦ ᠪᠠᠨ ᠪᠣᠯᠢᠵᠤ ᠵᠠᠮ ᠬᠠᠷᠢᠯᠴᠠᠭᠠᠨ ᠤ ᠲᠥᠭᠵᠢᠷᠡᠯ ᠢ ᠡᠭᠦᠰᠭᠡᠪᠡ᠃ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠠᠰᠤ ᠪᠠᠷ ᠵᠠᠷᠯᠢᠭ ᠪᠣᠯᠭᠠᠵᠤ᠂ ᠪᠥᠬᠦ ᠴᠠᠭᠳᠠᠭ᠎ᠠ ᠪᠠᠷ ᠢᠶᠠᠨ ᠵᠠᠮ ᠳᠤ ᠭᠠᠷᠴᠤ᠂ ᠬᠠᠷᠢᠶᠠᠲᠤ ᠣᠷᠣᠨ ᠤ ᠭᠤᠤᠯᠳᠠᠯᠭ᠎ᠠ ᠲᠠᠢ ᠵᠠᠮ ᠤᠨ ᠬᠡᠰᠡᠭ ᠢ ᠴᠠᠭᠳᠠᠨ ᠬᠠᠮᠢᠶᠠᠷᠴᠤ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠵᠠᠮ ᠬᠠᠷᠢᠯᠴᠠᠭ᠎ᠠ ᠶᠢ ᠵᠢᠯᠣᠭᠤᠳᠬᠤ᠂ ᠠᠮᠤᠷ ᠲᠦᠪᠰᠢᠨ ᠤ ᠰᠠᠨᠠᠭᠤᠯᠤᠮᠵᠢ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠬᠦᠢᠳᠡᠨ ᠴᠠᠰᠤ ᠲᠠᠢ ᠴᠠᠭ ᠠᠭᠤᠷ ᠢ ᠢᠳᠡᠪᠬᠢᠲᠡᠶ ᠠᠷᠭᠠᠴᠠᠭᠠᠬᠤ ᠶᠢᠨ ᠬᠠᠮᠲᠤ᠂ ᠡᠨᠡ ᠬᠤᠭᠤᠴᠠᠭᠠᠨ ᠳᠤ ᠵᠠᠮ ᠳᠡᠭᠡᠷ᠎ᠡ ᠬᠤᠴᠣᠷᠤᠭᠰᠠᠨ ᠣᠯᠠᠨ ᠲᠡᠷᠭᠡ᠂ ᠠᠶᠠᠯᠠᠵᠤ ᠲᠡᠶᠢᠯᠬᠦ ᠪᠠᠨ ᠪᠣᠯᠢᠭᠰᠠᠨ ᠲᠡᠷᠭᠡ ᠶᠢ ᠠᠪᠤᠷᠠᠨ ᠲᠤᠰᠠᠯᠠᠪᠠ᠃
jiaojing2.jpg   
    ᠴᠠᠭ ᠢᠮᠠᠭᠲᠠ ᠵᠠᠮ ᠬᠠᠷᠢᠯᠴᠠᠭᠠᠨ ᠤ ᠠᠳᠡᠯ ᠭᠠᠷᠳᠠᠭ ᠪᠣᠯᠬᠤᠷ᠂ ᠵᠢᠵᠢᠭᠦᠷ ᠤᠨ ᠴᠠᠭᠳᠠᠭ᠎ᠠ ᠵᠠᠮ ᠳᠡᠭᠡᠷ᠎ᠡ ᠰᠠᠭᠠᠲᠠᠭᠰᠠᠨ ᠮᠠᠰᠢᠨ ᠲᠡᠷᠭᠡ ᠲᠠᠢ ᠲᠠᠭᠠᠷᠠᠯᠳᠤᠪᠠᠯ ᠶᠠᠭᠤᠨ ᠤ ᠡᠮᠦᠨ᠎ᠡ ᠬᠦᠴᠦ ᠪᠠᠨ ᠬᠠᠮᠲᠤᠳᠬᠠᠨ ᠲᠡᠷᠭᠡ ᠶᠢ ᠨᠢ ᠠᠮᠤᠷ ᠲᠦᠪᠰᠢᠨ ᠭᠠᠵᠠᠷ ᠲᠤ ᠰᠢᠯᠵᠢᠭᠦᠯᠵᠦ᠂ ᠳᠠᠷᠠᠭ᠎ᠠ ᠨᠢ ᠵᠢᠯᠣᠭᠤᠴᠢ ᠶᠢ ᠬᠠᠮᠵᠢᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ