ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠪᠣᠳᠠᠲᠤ ᠪᠠᠶᠢᠯᠳᠤᠭᠠᠨ ᠤ ᠪᠣᠯᠪᠠᠰᠤᠷᠠᠯ ᠤᠨ ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/4/10
     2 ᠳ᠋ᠤᠭᠠᠷ ᠰᠠᠷ᠎ᠠ ᠶᠢᠨ 29 ᠤ ᠡᠳᠦᠷ᠂ ︽ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2024 ᠣᠨ ᠤ ᠰᠤᠷᠭᠠᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠷᠳᠤᠰ ᠬᠤᠲᠠ ᠶᠢᠨ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠶᠡᠷᠦᠩᠬᠡᠶᠢᠯᠡᠭᠰᠡᠨ ᠲᠠᠮᠢᠷ ᠲᠡᠩᠬᠡᠭᠡ ᠶᠢ ᠳᠡᠭᠡᠭᠰᠢᠯᠡᠭᠦᠯᠬᠦ ᠵᠢᠴᠢ ᠠᠶᠠᠨ ᠤ ᠪᠣᠯᠪᠠᠰᠤᠷᠠᠯ ᠤᠨ ᠠᠵᠢᠯᠯᠠᠭ᠎ᠠ ᠶᠠᠪᠤᠭᠳᠠᠭᠤᠯᠵᠤ᠂ ᠬᠠᠪᠤᠷ ᠤᠨ ᠤᠯᠠᠷᠢᠯ ᠤᠨ ᠶᠡᠭᠡ ᠪᠣᠯᠪᠠᠰᠤᠷᠠᠯ ᠢ ᠪᠥᠬᠦ ᠲᠠᠯ᠎ᠠ ᠪᠠᠷ ᠥᠷᠨᠢᠭᠦᠯᠪᠡ᠃
 7H2A6108.JPG 
    ᠥᠷᠯᠥᠭᠡ ᠶᠢᠨ 8 ᠴᠠᠭ ᠤᠨ ᠦᠶ᠎ᠡ ᠠᠴᠠ ᠡᠬᠢᠯᠡᠨ᠂ ᠡᠯ᠎ᠡ ᠰᠠᠯᠪᠤᠷᠢ ᠪᠠ ᠠᠩᠬᠢ ᠶᠢᠨ ᠳᠠᠷᠤᠭ᠎ᠠ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠦᠨ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ ᠴᠤᠭ ᠵᠢᠪᠬᠤᠭ᠎ᠠ ᠪᠠᠨ ᠪᠠᠳᠠᠷᠠᠭᠤᠯᠤᠨ᠂ ᠲᠡᠮᠡᠴᠡᠯ ᠤᠨ ᠵᠣᠷᠢᠭ ᠢᠶᠠᠨ ᠪᠠᠳᠠᠷᠠᠭᠤᠯᠵᠤ᠂ ᠨᠠᠮ ᠤᠨ ᠲᠤᠭ ᠪᠣᠯᠤᠨ ᠴᠠᠭᠳᠠᠭ᠎ᠠ ᠶᠢᠨ ᠲᠤᠭ ᠢ ᠡᠷᠭᠦᠨ ᠲᠡᠷᠢ ᠲᠡᠭᠰᠢ ᠪᠥᠭᠡᠳ ᠡᠷᠡᠰ ᠪᠠᠲᠤ ᠠᠯᠬᠤᠮ ᠢᠶᠠᠷ ᠵᠣᠷᠢᠭᠰᠠᠨ ᠭᠠᠵᠠᠷ ᠵᠦᠭ ᠤᠷᠤᠭᠰᠢᠯᠠᠪᠠ᠃
7H2A6159.JPG  
    ᠪᠣᠯᠪᠠᠰᠤᠷᠠᠯ ᠤᠨ ᠲᠠᠯᠠᠪᠠᠢ ᠳᠤ᠂ ᠲᠣᠪᠴᠢᠶᠠᠨ ᠤ ᠳᠠᠭᠠᠷᠢᠯᠲᠠ ᠶᠢᠨ ᠠᠩᠭᠢ ᠶᠢᠨ ᠬᠡᠰᠢᠭᠦᠳ ᠤᠨ ᠢᠰᠭᠦᠯᠬᠦ᠂ ᠨᠢᠳᠤᠷᠭᠠᠲᠠᠬᠤ᠂ ᠰᠠᠪᠠᠭ᠋ᠤ ᠵᠡᠷᠭᠡ ᠪᠠᠶᠢᠯᠳᠤᠬᠤ ᠠᠷᠭ᠎ᠠ ᠶᠢ ᠳᠡᠯᠭᠡᠨ ᠦᠵᠡᠭᠦᠯᠪᠡ᠃ ᠪᠣᠯᠪᠠᠰᠤᠷᠠᠯ ᠤᠨ ᠳᠤᠮᠳᠠ᠂ ᠳᠠᠭᠠᠷᠢᠯᠲᠠ ᠶᠢᠨ ᠠᠩᠭᠢ ᠶᠢᠨ ᠰᠤᠷᠭᠠᠭᠴᠢ ᠵᠢᠩᠬᠢᠨᠢ ᠪᠠᠶᠢᠯᠳᠤᠭᠠᠨ ᠤ ᠳᠠᠭᠤᠷᠢᠶᠠᠮᠠᠯ ᠱᠠᠭᠠᠷᠳᠠᠯᠭ᠎ᠠ ᠶᠣᠰᠣᠭᠠᠷ᠂ ᠨᠣᠴᠣᠯᠳᠤᠨ ᠡᠰᠡᠷᠭᠦᠴᠡᠯᠳᠦᠬᠦ ᠪᠠ ᠶᠡᠷᠦᠩᠬᠡᠶᠢᠯᠡᠭᠰᠡᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠪᠣᠯᠪᠠᠰᠤᠷᠠᠯ ᠳᠤ ᠣᠷᠣᠯᠴᠠᠬᠤ ᠰᠤᠷᠤᠭᠴᠢᠳ ᠲᠤ ᠡᠯ᠎ᠡ ᠲᠥᠷᠥᠯ ᠤᠨ ᠨᠣᠴᠣᠯᠳᠤᠨ ᠪᠠᠶᠢᠯᠳᠤᠬᠤ ᠤᠷ᠎ᠠ ᠮᠡᠷᠭᠡᠵᠢᠯ ᠢ ᠪᠣᠳᠠᠲᠤ ᠪᠠᠶᠢᠯᠳᠤᠭᠠᠨ ᠳᠤ ᠪᠣᠳᠠᠲᠠᠶ ᠬᠡᠷᠡᠭᠯᠡᠬᠦ ᠶᠢ ᠰᠢᠭᠤᠳ ᠣᠶᠢᠯᠠᠭᠠᠭᠤᠯᠵᠤ᠂ ᠪᠠᠶᠢᠯᠳᠤᠭᠠᠨ ᠳᠤ ᠣᠷᠣᠯᠴᠠᠬᠤ ᠦᠵᠡᠯ ᠰᠠᠨᠠᠭ᠎ᠠ᠂ ᠨᠢᠭᠤᠷᠳᠠᠨ ᠪᠠᠶᠢᠯᠳᠤᠬᠤ ᠠᠷᠭ᠎ᠠ ᠠᠪᠴᠠᠯ ᠪᠠ ᠪᠣᠳᠠᠲᠤ ᠪᠠᠶᠢᠯᠳᠤᠭᠠᠨ ᠤ ᠪᠠᠷᠢᠮᠵᠢᠶ᠎ᠠ ᠪᠠᠷ ᠰᠢᠯᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠪᠣᠯᠪᠠᠰᠤᠷᠠᠯ ᠳᠤ ᠣᠷᠤᠯᠴᠠᠭᠰᠠᠳ ᠤᠨ ᠥᠨᠳᠥᠷ ᠳᠠᠷᠤᠯᠲᠠ ᠪᠠ ᠪᠤᠳᠤᠯᠢᠶᠠᠨᠲᠠᠶ ᠣᠷᠴᠢᠨ ᠲᠣᠭᠤᠷᠢᠨ ᠳᠤ ᠰᠣᠷᠣᠭᠰᠠᠨ ᠤᠷ᠎ᠠ ᠮᠡᠷᠭᠡᠵᠢᠯ ᠢᠶᠠᠨ ᠠᠮᠢᠳᠤᠯᠢᠭ ᠢᠶᠠᠷ ᠬᠡᠷᠡᠭᠯᠡᠬᠦ ᠶᠢ ᠦᠨᠡᠨ ᠬᠦ ᠪᠠᠳᠤᠯᠠᠪᠠ᠃ ᠡᠨᠡ ᠬᠤᠭᠤᠴᠠᠭᠠᠨ ᠳᠤ᠂ ᠠᠷᠠᠳ ᠤᠨ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠰᠢᠯᠭᠠᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠪᠣᠯᠪᠠᠰᠤᠷᠠᠯ ᠳᠤ ᠣᠷᠣᠯᠴᠠᠭᠰᠠᠨ ᠴᠠᠭᠳᠠᠭ᠎ᠠ ᠶᠢ ᠵᠣᠬᠢᠶᠠᠨ ᠪᠠᠶᠢᠭᠤᠯᠤᠨ 4 × 10 ᠮᠧᠲᠷ ᠤᠨ ᠪᠤᠴᠠᠵᠤ ᠭᠦᠶᠦᠬᠦ᠂ ᠳᠡᠭᠡᠰᠦ ᠦᠰᠦᠷᠬᠦ᠂ ᠥᠨᠳᠦᠷ ᠢ ᠲᠡᠮᠲᠡᠷᠢᠬᠦ ᠵᠡᠷᠭᠡ ᠬᠢᠴᠢᠶᠡᠯ ᠲᠥᠷᠦᠯ ᠢᠶᠠᠷ ᠪᠥᠬᠦ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠬᠡᠪ ᠴᠢᠨᠠᠷ ᠢ ᠪᠦᠲᠦᠮᠵᠢᠲᠡᠶ ᠪᠠᠷ ᠰᠢᠯᠭᠠᠨ ᠪᠠᠶᠢᠴᠠᠭᠠᠵᠤ᠂ ᠪᠥᠬᠦ ᠴᠠᠭᠳᠠᠭ᠎ᠠ ᠶᠢᠨ ᠪᠡᠶ᠎ᠡ ᠪᠠᠨ ᠪᠣᠯᠪᠠᠰᠤᠷᠠᠭᠤᠯᠬᠤ ᠢᠳᠡᠪᠬᠢᠵᠢᠯ ᠪᠠ ᠣᠷᠭᠢᠯᠤᠮ᠎ᠠ ᠰᠡᠳᠬᠢᠯᠭᠡ ᠶᠢ ᠬᠥᠭᠵᠢᠭᠡᠨ᠂ ᠰᠢᠯᠭᠠᠯᠲᠠ ᠪᠠᠷ ᠪᠣᠯᠪᠠᠰᠤᠷᠠᠯ ᠢ ᠠᠬᠢᠭᠤᠯᠬᠤ᠂ ᠪᠣᠯᠪᠠᠰᠤᠷᠠᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠵᠣᠷᠢᠯᠭ᠎ᠠ ᠳᠤ ᠬᠥᠷᠪᠡ᠃
 7H2A6278.JPG 
    ᠲᠠᠷᠠᠭᠠᠴᠢ ᠶᠢᠨ ᠠᠯᠬᠤᠮ ᠳᠤ᠂ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠪᠣᠳᠠᠲᠤ ᠪᠠᠶᠢᠯᠳᠤᠭᠠᠨ ᠢᠶᠠᠷ ᠬᠥᠲᠥᠯᠦᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳᠦᠷ ᠲᠤᠲᠤᠮ ᠤᠨ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠭᠤᠯᠤᠯ ᠢ ᠦᠷᠭᠦᠯᠵᠢᠯᠡᠨ ᠠᠬᠢᠭᠤᠯᠵᠤ᠂ ᠡᠩᠨᠡᠭᠡ ᠶᠢᠨ ᠴᠣᠭᠴᠠ ᠶᠢᠨ ᠤᠷ᠎ᠠ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ︽ᠳᠥᠷᠪᠡᠨ ᠲᠡᠮᠦᠷ ᠮᠡᠲᠦ︾ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠥᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠤᠰᠠᠭᠠᠢ᠃   
ᠢᠷᠡᠯᠲᠡ᠄ ᠣᠷᠲᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ