ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠳᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/4/10
   ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ‌‍ᠲ᠋ᠥ᠋ᠷᠦᠯ ᠤᠨ ᠴᠠᠭᠳᠠᠭ᠎ᠠ ᠶᠢᠨ ᠶᠡᠭᠡ ᠠᠩᠭᠢ ᠨᠢ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ︽ᠪᠥᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠭᠤᠤᠯ ᠰᠡᠳᠦᠪᠲᠦ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃
2.jpg   
    ︽ᠣᠨᠢᠰᠤ ᠶᠢ ᠮᠢᠨᠢ ᠬᠤᠷᠳᠤᠨ ᠨᠡᠭᠡᠭᠡ᠂ ᠠᠮᠤᠷ ᠢ ᠬᠠᠮᠠᠭᠠᠯᠠᠭᠴᠢ ᠪᠠᠶᠢᠬᠤ ᠦᠭᠡᠢ ᠵᠠᠪᠰᠢᠶᠠᠨ ᠢ ᠳᠠᠯᠢᠮᠳᠠᠭᠤᠯᠤᠨ ᠰᠤᠷᠭᠠᠭᠤᠯᠢ ᠶᠢᠨ ᠬᠦᠷᠢᠶᠡᠨ ᠳᠤ ᠣᠷᠤᠶ᠎ᠠ︕︾ ᠭᠡᠵᠦ ᠨᠢᠭᠡ ᠮᠠᠭᠤ ᠡᠲᠡᠭᠡᠳ ᠬᠡᠷᠡᠮ ᠬᠠᠷᠠᠶᠢᠵᠤ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠨᠦᠬᠦᠭᠡ ᠨᠢᠭᠡ ᠬᠠᠨᠢᠲᠠᠨ ᠳᠤ ᠪᠠᠨ ᠣᠨᠢᠰᠤ ᠶᠢ ᠨᠡᠭᠡᠭᠡᠵᠦ ᠥᠭᠭᠦᠭᠰᠡᠨ ᠳᠤ᠂ ᠬᠤᠶᠠᠭᠤᠯᠠ ᠪᠠᠨ ᠪᠡᠶ᠎ᠡ ᠶᠢᠨ ᠲᠠᠮᠢᠷ ᠤᠨ ᠲᠠᠯᠠᠪᠠᠢ ᠳᠤ ᠪᠠᠶᠢᠭᠰᠠᠨ ᠪᠠᠭᠰᠢ ᠪᠣᠯᠤᠨ ᠬᠡᠦᠬᠡᠳ ᠢ ᠰᠦᠬᠡ ᠪᠣᠯᠤᠨ ᠪᠣᠣᠳᠤᠤ ᠪᠠᠷ ᠰᠦᠷᠳᠡᠭᠦᠯᠦᠭᠰᠡᠨ ᠳᠤ᠂ ᠠᠮᠤᠷ ᠢ ᠬᠠᠮᠠᠭᠠᠯᠠᠭᠴᠢ ᠲᠡᠷᠡ ᠳᠠᠷᠤᠶ ᠳᠤ ᠨᠢ ︽ᠨᠢᠭᠡ ᠳᠠᠷᠤᠪᠴᠢᠲᠤ ᠮᠠᠶ᠋ᠢᠭ︾ ᠤᠨ ᠲᠦᠭᠰᠢᠭᠦᠷᠢ ᠮᠡᠳᠡᠭᠡᠯᠡᠬᠦ ᠮᠠᠰᠢᠨ ᠢ ᠳᠠᠷᠤᠵᠤ᠂ ᠪᠠᠮᠪᠠᠢ᠂ ᠪᠤᠯᠤᠳ ᠰᠡᠷᠡᠭᠡ ᠵᠡᠷᠭᠡ ᠪᠠᠭᠠᠵᠢ ᠬᠡᠷᠡᠭᠰᠡᠯ ᠢ ᠠᠪᠴᠤ ᠮᠠᠭᠤ ᠡᠲᠡᠭᠡᠳ ᠤᠨ ᠬᠡᠷᠴᠡᠭᠡᠶᠢᠯᠡᠬᠦ᠂ ᠭᠠᠯ ᠲᠠᠯᠪᠢᠬᠤ ᠶᠢ ᠬᠤᠷᠢᠭᠯᠠᠪᠠ᠃ ᠣᠨᠴᠠ ᠲᠥᠷᠦᠯ ᠤᠨ ᠴᠠᠭᠳᠠᠭ᠎ᠠ ᠶᠢᠨ ᠠᠩᠬᠢ ᠶᠢᠨ ᠬᠢᠨ ᠴᠠᠭ ᠲᠤᠬᠠᠢ ᠳᠤ ᠨᠢ ᠬᠦᠷᠦᠯᠴᠡᠨ ᠢᠷᠡᠵᠦ᠂ ᠠᠮᠤᠷ ᠢ ᠬᠠᠮᠠᠭᠠᠯᠠᠭᠴᠢ ᠲᠠᠢ ᠬᠦᠴᠦ ᠪᠠᠨ ᠬᠠᠮᠲᠤᠳᠬᠠᠨ ᠮᠠᠭᠤ ᠡᠲᠡᠭᠡᠳ ᠢ ᠨᠣᠮᠣᠬᠠᠳᠬᠠᠵᠤ᠂ ᠭᠠᠯ ᠤᠨᠲᠠᠷᠠᠭᠠᠭᠴᠢ ᠴᠠᠭ ᠲᠤᠬᠠᠢ ᠳᠤ ᠨᠢ ᠭᠠᠯ ᠢ ᠤᠨᠲᠠᠷᠠᠭᠠᠵᠤ᠂ ᠡᠮᠴᠢ ᠰᠤᠪᠢᠯᠠᠭᠴᠢ ᠠᠴᠠ ᠰᠢᠷᠬᠠᠲᠤᠭᠰᠠᠳ ᠲᠤ ᠠᠪᠤᠷᠠᠯᠲᠠ ᠬᠢᠪᠡ ᠁
 5.jpg 
    ᠡᠨᠡ ᠵᠢᠯ ᠠᠴᠠ ᠨᠠᠭᠠᠰᠢ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠰᠤᠷᠭᠠᠭᠤᠯᠢ ᠶᠢᠨ ᠬᠦᠷᠢᠶᠡᠨ ᠤ ᠰᠣᠷᠢᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠠᠭᠳᠠᠭ᠎ᠠ ᠶᠢᠨ ᠬᠦᠴᠦᠨ ᠢ ᠨᠡᠮᠡᠵᠦ ︽ᠮᠠᠰᠢᠨ ᠲᠡᠷᠭᠡ + ᠶᠠᠪᠠᠭᠠᠨ + ᠵᠢᠯᠣᠭᠤᠴᠢ ᠥᠬᠡᠶ ᠨᠢᠰᠬᠡᠯ︾ ᠢᠶᠠᠷ ᠲᠤᠭᠤᠷᠢᠨ ᠴᠠᠭᠳᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠣᠭᠤᠷᠢᠨ ᠴᠠᠭᠳᠠᠬᠤ ᠤᠳᠠᠭ᠎ᠠ ᠶᠢ ᠨᠡᠮᠡᠭᠳᠡᠭᠦᠯᠦᠨ᠂ ᠴᠠᠭᠳᠠᠭ᠎ᠠ ᠠᠷᠠᠳ ᠬᠠᠮᠲᠤᠪᠠᠷ ᠠᠮᠤᠷ ᠳᠤᠭᠳᠠᠭᠤᠨ ᠢ ᠬᠠᠮᠠᠭᠠᠯᠠᠬᠤ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ᠰᠡᠷᠭᠡᠶᠢᠯᠡᠯᠲᠡ ᠶᠢᠨ ᠬᠠᠷᠠᠭ᠎ᠠ ᠶᠢ ᠤᠷᠲᠤᠳᠬᠠᠨ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠦᠷᠭᠦᠯᠵᠢᠯᠡᠨ ᠠᠷᠢᠯᠭᠠᠪᠠ᠃ ᠡᠭᠦᠨ ᠤ ᠬᠠᠮᠲᠤ᠂ ︽ᠬᠡᠪ ᠴᠢᠨᠠᠷ ᠢᠶᠠᠷ ᠥᠨᠳᠥᠷ᠂ ᠴᠢᠳᠠᠪᠤᠷᠢ ᠪᠠᠷ ᠴᠢᠩᠭ᠎ᠠ᠂ ᠳᠦᠷᠢ ᠲᠥᠷᠬᠦ ᠪᠠᠷ ᠰᠠᠶᠢᠨ︾ ᠪᠠᠶᠢᠬᠤ ᠶᠢᠨ ᠲᠣᠭᠤᠷᠢᠨ ᠳᠤ᠂ ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠲᠡᠷᠭᠡ ᠬᠥᠰᠬᠡ ᠶᠢᠨ ᠮᠥᠷᠭᠦᠯᠳᠦᠬᠦ ᠶᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠡᠯ᠎ᠡ ᠵᠦᠢᠯ ᠤᠨ ᠪᠣᠯᠪᠠᠰᠤᠷᠠᠯ ᠢ ᠢᠮᠠᠭᠲᠠ ᠠᠮᠢᠳᠤᠯᠢᠭ ᠪᠠᠶᠢᠳᠠᠯ ᠳᠤ ᠪᠠᠶᠢᠯᠭᠠᠵᠤ᠂ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨ ᠬᠦ ᠪᠠᠳᠤᠯᠠᠪᠠ᠃  
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ