ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/10
   3 ᠳ᠋ᠤᠭᠠᠷ ᠰᠠᠷ᠎ᠠ ᠶᠢᠨ 19 ᠤ ᠡᠳᠦᠷ᠂ ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ 30 ᠭᠠᠷᠤᠶ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠪᠣᠯᠪᠠᠰᠤᠷᠠᠯ ᠳᠤ ᠣᠷᠣᠯᠴᠠᠵᠠᠶ᠃
图片1.jpg  
    ᠬᠤᠷᠠᠯ ᠳᠡᠭᠡᠷ᠎ᠡ᠂ ᠠᠷᠠᠳ ᠤᠨ ᠴᠠᠭᠳᠠᠭ᠎ᠠ ᠨᠠᠷ ᠲᠣᠰ ᠤᠳᠠᠭᠠᠨ ᠤ ᠪᠣᠯᠪᠠᠰᠤᠷᠠᠭᠤᠯᠤᠯ ᠤᠨ ᠶᠡᠭᠡ ᠬᠤᠷᠠᠯ ᠢ ᠳᠠᠶᠢᠴᠢᠯᠠᠭᠰᠠᠨ ᠪᠥᠭᠡᠳ ᠠᠮᠤᠷ ᠢ ᠬᠠᠮᠠᠭᠠᠯᠠᠬᠤ ᠪᠥᠬᠦ ᠠᠵᠢᠯᠲᠠᠳ ᠲᠤ ᠭᠤᠷᠪᠠᠨ ᠱᠠᠭᠠᠷᠳᠠᠯᠭ᠎ᠠ ᠳᠤᠷᠠᠳᠴᠠᠶ᠄ ᠨᠢᠭᠡ ᠳᠤ ᠦᠵᠡᠯ ᠰᠠᠨᠠᠭ᠎ᠠ ᠣᠶᠢᠯᠠᠭᠠᠭᠳᠠᠬᠤᠨ ᠤ ᠲᠠᠯ᠎ᠠ ᠪᠠᠷ᠂ ᠰᠠᠨᠠᠭᠠᠴᠢᠯᠠᠭᠠᠲᠤ ᠪᠣᠰᠤ ᠪᠠᠶᠢᠳᠠᠯ ᠢ ᠰᠠᠨᠠᠭᠠᠴᠢᠯᠠᠭᠠᠲᠤ ᠪᠠᠶᠢᠳᠠᠯ ᠳᠤ ᠣᠷᠣᠭᠤᠯᠬᠤ ᠬᠡᠷᠡᠭᠲᠡᠶ᠃ ᠬᠤᠶᠠᠷ ᠲᠤ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠲᠠᠯ᠎ᠠ ᠪᠠᠷ ᠪᠤᠰᠤᠳ ᠠᠴᠠ ᠳᠠᠪᠠᠭᠰᠠᠨ ᠪᠠᠶᠢᠬᠤ ᠬᠡᠷᠡᠭᠲᠡᠶ᠃ ᠭᠤᠷᠪᠠ ᠳᠤ ᠡᠭᠦᠷᠭᠡ ᠭᠦᠢᠴᠡᠳᠬᠡᠬᠦ ᠠᠵᠢᠯ ᠤᠨ ᠳᠤᠮᠳᠠ ᠴᠢᠩ ᠦᠨᠡᠨᠴᠢ ᠪᠠᠷ ᠪᠦᠯᠬᠦᠮᠳᠡᠬᠦ ᠬᠡᠷᠡᠭᠲᠡᠶ᠃    ᠡᠭᠦᠨ ᠤ ᠬᠠᠮᠲᠤ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠠᠮᠤᠷ ᠢ ᠬᠠᠮᠠᠭᠠᠯᠠᠬᠤ ᠠᠵᠢᠯᠲᠠᠨ ᠳᠤ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾᠂ ︽ᠠᠮᠤᠷ ᠢ ᠬᠠᠮᠠᠭᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷᠢᠮ︾᠂ ︽ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠭᠠᠷᠳᠠᠯᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠡᠵᠡᠮᠰᠢᠭᠦᠯᠪᠡ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠭᠰᠢ ᠰᠤᠷᠤᠭᠴᠢᠳ ᠲᠤ ᠨᠠᠩ ᠰᠠᠶᠢᠨ ᠦᠢᠯᠡᠴᠢᠯᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ