3 ᠳ᠋ᠤᠭᠠᠷ ᠰᠠᠷ᠎ᠠ ᠶᠢᠨ 15 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠨ ᠵᠣᠬᠢᠶᠠᠨ ᠪᠠᠢᠭᠤᠯᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠳᠡ ᠶᠢᠨ ᠠᠰᠠᠷᠠᠮᠵᠢ ᠶᠢᠨ ᠺᠢᠨᠣ᠋ ︽ᠨᠢᠯᠪᠤᠰᠤᠨ ᠳᠤ | ᠳᠡᠪᠲᠦᠭᠰᠡᠨ ᠡᠵᠢ︾ ᠶᠢ ᠰᠣᠨᠢᠷᠬᠠᠪᠠ᠃ ᠡᠭᠦᠨ ᠳᠤ ᠡᠯ᠎ᠡ ᠨᠠᠮ ᠤᠨ ᠡᠭᠦᠷ ᠤᠨ ᠴᠠᠭᠳᠠᠭ᠎ᠠ ᠨᠡᠶᠢᠲᠡ 70 ᠭᠠᠷᠤᠶ ᠨᠠᠮ ᠤᠨ ᠭᠡᠰᠢᠭᠦᠨ᠂ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠣᠷᠣᠯᠴᠠᠵᠠᠶ᠃ | | | | ᠲᠤᠰ ᠺᠢᠨᠣ᠋ ᠨᠢ ᠣᠳᠣᠬᠠᠨ ᠤ ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠭᠡᠷ ᠪᠦᠯᠢ ᠶᠢᠨ ᠰᠤᠷᠭᠠᠨ ᠬᠥᠮᠦᠵᠢᠯ ᠤᠨ ᠠᠰᠠᠭᠤᠳᠠᠯ ᠤᠨ | ᠲᠣᠭᠤᠷᠢᠨ ᠳᠤ᠂ ᠦᠰᠦᠨ ᠪᠤᠶᠢᠵᠢᠵᠦ ᠪᠠᠶᠢᠭ᠎ᠠ ᠪᠠᠭᠠᠴᠤᠳ ᠬᠡᠤᠬᠡᠳ ᠪᠠ ᠭᠡᠷ ᠤᠨ ᠠᠬᠠᠮᠠᠳ ᠤᠨ ᠬᠠᠶᠢᠷ᠎ᠠ ᠬᠠᠷᠢᠴᠠᠭᠤᠯᠭ᠎ᠠ ᠪᠠᠨ ᠬᠡᠷᠬᠢᠨ ᠲᠤᠳᠤᠷᠬᠠᠢ ᠲᠠᠨᠢᠬᠤ᠂ | ᠬᠡᠷᠬᠢᠨ ᠬᠠᠷᠢᠯᠴᠠᠨ ᠤᠶᠢᠯᠭᠠᠯᠴᠠᠬᠤ᠂ ᠬᠠᠷᠢᠯᠴᠠᠨ ᠡᠶ᠎ᠡ ᠨᠠᠶᠢᠷᠲᠠᠢ ᠶᠠᠪᠤᠯᠴᠠᠬᠤ ᠶᠢ ᠲᠤᠪᠤᠶᠢᠯᠭᠠᠵᠦ᠂ ᠭᠤᠷᠪᠠᠨ ᠠᠳᠠᠯᠢ ᠪᠤᠰᠤ ᠭᠡᠷ ᠪᠦᠯᠢ ᠶᠢᠨ ᠨᠡᠶᠢᠲᠡᠯᠢᠭ | ᠦᠯᠢᠭᠡᠷ ᠤᠨ ᠭᠤᠣᠯ ᠪᠠᠭᠠᠲᠤᠷ ᠤᠨ ᠰᠡᠳᠬᠢᠯ ᠤᠨ ᠥᠩᠭᠡᠷᠡᠯᠲᠡ ᠶᠢ ᠲᠡᠯᠭᠡᠨ ᠦᠵᠡᠬᠦᠯᠵᠦ᠂ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ | ᠬᠡᠦᠬᠡᠳ ᠤᠨ ᠦᠰᠦᠨ ᠪᠤᠶᠢᠵᠢᠯᠲᠠ ᠶᠢᠨ ᠶᠠᠪᠤᠴᠠ ᠳᠠᠬᠢ ᠴᠢᠬᠤᠯᠠ ᠴᠢᠨᠠᠷ ᠢ ᠲᠠᠨᠢᠭᠤᠯᠪᠠ᠃ ᠺᠢᠨᠣ᠋ ᠶᠢᠨ ᠦᠢᠯᠡ ᠪᠠᠶᠢᠳᠠᠯ ᠨᠢ ᠬᠥᠮᠦᠰ ᠤᠨ ᠰᠡᠳᠬᠢᠯ ᠢ ᠬᠥᠳᠡᠯᠭᠡᠮ᠎ᠡ | ᠪᠠᠶᠢᠵᠤ᠂ ᠪᠣᠳᠠᠲᠤ ᠠᠮᠢᠳᠤᠷᠠᠯ ᠲᠠᠢ ᠣᠶᠢᠷᠠᠳᠴᠤ᠂ ᠡᠴᠢᠭᠡ ᠡᠬᠡ ᠦᠷ᠎ᠡ ᠬᠡᠤᠬᠡᠳ ᠤᠨ ᠬᠠᠶᠢᠷ᠎ᠠ ᠰᠡᠳᠬᠢᠯᠭᠡ᠂ ᠭᠡᠷ ᠪᠦᠯᠢ ᠶᠢᠨ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨᠴᠢ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢ ᠢᠯᠡᠷᠡᠭᠦᠯᠪᠡ᠃ | | | | ᠺᠢᠨᠣ᠋ ᠦᠵᠡᠬᠦ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠺᠢᠨᠣ᠋ ᠶᠢᠨ ᠳᠣᠲᠣᠷᠠᠬᠢ ᠬᠠᠶᠢᠷ᠎ᠠ ᠰᠡᠳᠬᠢᠯᠭᠡ ᠶᠢᠨ ᠨᠠᠷᠢᠨ ᠵᠦᠢᠯᠡᠰ ᠲᠤ | ᠰᠡᠳᠬᠢᠯ ᠬᠥᠳᠡᠯᠵᠦ᠂ ᠮᠠᠰᠢ ᠣᠯᠠᠨ ᠬᠥᠮᠦᠨ ᠳᠣᠭᠳᠣᠯᠤᠭᠰᠠᠨ ᠰᠡᠳᠭᠢᠯ ᠢᠶᠠᠨ ᠳᠠᠷᠤᠵᠤ ᠶᠠᠳᠠᠨ ᠨᠢᠯᠪᠤᠰᠤ ᠪᠥᠮᠪᠥᠷᠢᠭᠦᠯᠵᠦ ᠪᠠᠶᠢᠯ᠎ᠠ᠃ ᠺᠢᠨᠣ᠋ ᠳᠠᠭᠤᠰᠤᠭᠰᠠᠨ ᠤ | ᠳᠠᠷᠠᠭ᠎ᠠ᠂ ᠣᠯᠠᠨ ᠢᠶᠠᠷ ᠢᠶᠠᠨ ᠡᠨᠡ ᠺᠢᠨᠣ᠋ ᠨᠢ ᠲᠡᠳᠡᠨ ᠳᠤ ᠡᠬᠡ ᠶᠢᠨ ᠢᠶᠠᠨ ᠬᠠᠶᠢᠷ᠎ᠠ ᠶᠢᠨ ᠠᠭᠤᠤ ᠶᠡᠭᠡ ᠪᠠ ᠭᠤᠶᠠᠴᠢ ᠦᠭᠡᠢ ᠪᠠᠶᠢᠬᠤ ᠢ ᠨᠠᠩ ᠭᠦᠨᠵᠡᠭᠡᠶ | ᠣᠶᠢᠯᠠᠭᠠᠭᠤᠯᠵᠠᠶ ᠭᠡᠪᠡ᠃ | | |