ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/10
    ᠬᠠᠷᠢᠶᠠᠲᠤ ᠣᠷᠣᠨ ᠤ ᠳᠣᠲᠣᠷᠠᠬᠢ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠭᠠᠯ ᠤᠨ ᠭᠠᠮᠰᠢᠭ ᠤᠨ ᠵᠣᠬᠢᠴᠠᠭᠤᠯᠤᠨ ᠬᠠᠮᠵᠢᠯᠴᠠᠬᠤ ᠴᠢᠳᠠᠪᠤᠷᠢ ᠵᠢᠴᠢ ᠭᠠᠯ ᠤᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳ᠋ᠦᠩᠹᠧᠩ ᠵᠠᠮ ᠤᠨ ᠲᠣᠮᠢᠯᠠᠭᠰᠠᠨ ᠰᠠᠯᠪᠤᠷᠢ ᠨᠢ ᠰᠢᠨ᠎ᠡ ᠬᠤᠲᠠ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠬᠥᠬᠡ ᠲᠡᠭᠷᠢ ᠠᠪᠤᠷᠠᠨ ᠲᠤᠰᠠᠯᠠᠬᠤ ᠠᠩᠭᠢ᠂ ᠠᠳᠠᠯ ᠠᠬᠤᠶ ᠶᠢᠨ ᠺᠣᠮᠫᠠᠨᠢ ᠵᠡᠷᠭᠡ ᠣᠯᠠᠨ ᠲᠠᠯ᠎ᠠ ᠶᠢᠨ ᠬᠦᠴᠦᠨ ᠲᠠᠢ ᠬᠠᠮᠲᠤᠷᠠᠨ᠂ ᠬᠠᠷᠢᠶᠠᠲᠤ ᠣᠷᠣᠨ ᠤ ᠨᠠᠶᠢᠯᠤᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ ᠭᠦᠨᠵᠡᠭᠡᠶᠢᠷᠡᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃
图片11.png  
    ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠵᠢᠴᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠵᠢᠯᠲᠠᠨ ᠠᠵᠢᠯᠴᠢᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠠᠮᠢᠳᠤᠯᠢᠭ ᠬᠢᠴᠢᠶᠡᠯ ᠣᠷᠣᠵᠤ᠂ ᠲᠤᠬᠠᠶ ᠶᠢᠨ ᠭᠠᠵᠠᠷ ᠲᠤ ᠨᠢ ᠵᠢᠱᠢᠶ᠎ᠡ ᠦᠵᠡᠭᠦᠯᠦᠨ ᠵᠢᠯᠣᠭᠤᠳᠬᠤ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠠᠵᠢᠯᠲᠠᠨ ᠠᠵᠢᠯᠴᠢᠨ ᠳᠤ ᠭᠠᠯ ᠤᠨ ᠠᠶᠤᠯ ᠵᠡᠷᠭᠡ ᠭᠠᠮᠰᠢᠭ ᠲᠤ ᠳᠠᠭᠠᠷᠢᠭᠳᠠᠪᠠᠯ ᠠᠮᠢ ᠵᠢᠭᠤᠲᠠᠬᠤ ᠶᠢᠨ ᠥᠪᠡᠷ ᠢ ᠪᠠᠨ ᠠᠪᠤᠷᠬᠠᠤ ᠠᠷᠭ᠎ᠠ ᠵᠢᠴᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ ᠬᠠᠷᠢᠯᠴᠠᠨ ᠠᠰᠠᠭᠤᠯᠲᠠ ᠠᠰᠠᠭᠤᠬᠤ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠳᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠲᠠᠨᠢᠭᠤᠯᠪᠠ᠃  ᠡᠭᠦᠨ ᠤ ᠵᠡᠷᠭᠡ ᠳᠤ ᠭᠠᠯ ᠤᠨᠲᠠᠷᠠᠭᠠᠨ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ ᠪᠣᠯᠤᠨ ᠠᠩᠬᠠᠷᠬᠤ ᠵᠦᠢᠯ ᠢ ᠨᠠᠷᠢᠨ ᠲᠠᠶᠢᠯᠪᠤᠷᠢᠯᠠᠭᠰᠠᠨ ᠪᠥᠭᠡᠳ ᠭᠠᠯ ᠤᠨ ᠭᠠᠮᠰᠢᠭ ᠤᠨ ᠲᠠᠯᠠᠪᠤᠷ ᠢ ᠳᠠᠭᠤᠷᠢᠶᠠᠨ ᠵᠣᠬᠢᠶᠠᠵᠤ᠂ ᠰᠢᠨ᠎ᠡ ᠬᠤᠲᠠ ᠲᠣᠭᠤᠷᠢᠭ ᠤᠨ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ᠂ ᠳ᠋ᠦᠩᠹᠧᠩ ᠵᠠᠮ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠵᠢᠯᠣᠭᠤᠳᠣᠯᠭ᠎ᠠ ᠳᠣᠣᠷ᠎ᠠ᠂ ᠲᠤᠬᠠᠶ ᠶᠢᠨ ᠭᠠᠵᠠᠷ ᠲᠤ ᠪᠠᠶᠢᠭᠰᠠᠨ ᠬᠥᠮᠦᠰ ᠴᠥᠮ ᠭᠠᠯ ᠤᠨ ᠠᠶᠤᠯ ᠭᠠᠷᠬᠤ ᠦᠶ᠎ᠡ ᠶᠢᠨ ᠪᠠᠴᠢᠮ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠭᠠᠯ ᠤᠨᠲᠠᠷᠠᠭᠠᠨ ᠪᠠᠴᠢᠮ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃
 图片14.png 
    ᠲᠣᠰ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠪᠠᠷ ᠳᠡᠮᠵᠢᠨ᠂ ᠭᠠᠯ ᠤᠨ ᠠᠶᠤᠯ᠂ ᠭᠠᠯ ᠤᠨ ᠪᠠᠶᠢᠳᠠᠯ ᠤᠨ ᠲᠤᠬᠠᠶ ᠣᠶᠢᠯᠠᠭᠠᠯᠲᠠ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ᠂ ᠬᠠᠷᠢᠶᠠᠲᠤ ᠣᠷᠣᠨ ᠤ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠳ᠋ᠦᠩᠹᠧᠩ ᠵᠠᠮ ᠤᠨ ᠲᠣᠮᠢᠯᠠᠭᠰᠠᠨ ᠰᠠᠯᠪᠤᠷᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠲᠡᠭᠦᠯᠳᠡᠷᠵᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ