ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ | ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠪᠣᠯ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠵᠤ᠂ ᠤᠯᠤᠰ | ᠲᠦᠷᠦ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠵᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠴᠡᠷᠢᠭ ᠤᠨ ᠶᠠᠪᠤᠳᠠᠯ᠂ ᠰᠣᠶᠣᠯ᠂ | ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠵᠤ᠂ ᠤᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠵᠤ᠂ ᠡᠯ᠎ᠡ | ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ | ᠪᠦᠬᠦᠢ ᠤᠯᠤᠰ ᠤᠨ ᠠᠮᠤᠷ ᠲᠦᠪᠰᠢᠨ ᠤ ᠵᠠᠮ ᠢᠶᠠᠷ ᠵᠠᠮᠨᠠᠬᠤ ᠶᠠᠪᠤᠳᠠᠯ ᠪᠣᠯᠤᠨ᠎ᠠ᠃ | | ᠭᠤᠣᠯ ᠴᠢᠬᠤᠯᠠ ᠠᠭᠤᠯᠭ᠎ᠠ | ᠲᠠᠪᠤᠨ ᠶᠡᠭᠡ ᠡᠯᠧᠮᠧᠨ᠋ᠲ — — | 01 ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ | 02 ᠤᠯᠤᠰ ᠲᠥᠷᠦ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠬᠤ | 03 ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ | 04 ᠴᠡᠷᠢᠭ ᠤᠨ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠬᠤ | 05 ᠤᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ | ᠲᠠᠪᠤ ᠶᠢ ᠨᠢᠭᠡᠳᠦᠯᠲᠡᠶ ᠲᠥᠯᠦᠪᠯᠡᠬᠦ — — | 01 ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠦᠪᠯᠡᠬᠦ | 02 ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠦᠪᠯᠡᠬᠦ | 03 ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠦᠪᠯᠡᠬᠦ | 04 ᠲᠤᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠳᠦᠯᠲᠡᠶ ᠲᠥᠯᠦᠪᠯᠡᠬᠦ | 05 ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠤᠯᠤᠰ ᠤᠨ ᠠᠮᠤᠷ ᠲᠦᠪᠰᠢᠨ ᠢ ᠴᠣᠭᠴᠠᠯᠠᠨ ᠪᠠᠶᠢᠭᠤᠯᠬᠤ ᠶᠢ ᠨᠢᠭᠡᠳᠦᠯᠲᠡᠶ ᠲᠥᠯᠦᠪᠯᠡᠬᠦ | | | ᠤᠯᠤᠰ ᠤᠨ ᠠᠮᠤᠷ ᠲᠦᠪᠰᠢᠨ ᠤ ᠬᠦᠷᠢᠶ᠎ᠡ | ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ᠂ ᠤᠯᠤᠰ ᠲᠦᠷᠦ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ | ᠨᠡᠶᠢᠭᠡᠮ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠰᠠᠨᠰᠠᠷ ᠤᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ | ᠲᠦᠢᠯ ᠤᠨ ᠣᠷᠣᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠴᠥᠮ᠎ᠡ ᠶᠢᠨ ᠠᠮᠤᠷ ᠲᠦᠪᠰᠢᠨ᠂ ᠭᠦᠨ ᠳᠠᠯᠠᠢ ᠶᠢᠨ ᠠᠮᠤᠷ ᠲᠦᠪᠰᠢᠨ᠂ | ᠭᠠᠳᠠᠭᠠᠳᠤ ᠳᠠᠬᠢ ᠠᠰᠢᠭ ᠲᠤᠰᠠ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠣᠶᠣᠯ ᠤᠨ ᠠᠮᠤᠷ | ᠲᠦᠪᠰᠢᠨ᠂ ᠠᠵᠤ ᠠᠬᠤᠢ ᠶᠢᠨ ᠠᠮᠤᠷ ᠲᠦᠪᠰᠢᠨ | | | ᠠᠷᠪᠠ ᠶᠢ ᠪᠠᠷᠢᠮᠲᠠᠯᠠᠬᠤ | ᠶᠡᠷᠦᠩᠬᠡᠢ ᠱᠦᠵᠢ ᠰᠢ ᠶᠢᠨ ᠫᠢᠩ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠠᠭᠤᠯᠤᠭᠳᠠᠬᠤᠨ ᠤ ᠱᠠᠭᠠᠷᠳᠠᠯᠭ᠎ᠠ ᠶᠢ ︽ | ᠠᠷᠪᠠ ᠶᠢ ᠪᠠᠷᠢᠮᠲᠠᠯᠠᠬᠤ︾ ᠭᠡᠵᠦ ᠬᠤᠷᠢᠶᠠᠩᠭᠤᠶᠢᠯᠠᠪᠠ᠃ | ︽ᠠᠷᠪᠠ ᠶᠢ ᠪᠠᠷᠢᠮᠲᠠᠯᠠᠬᠤ︾ ᠪᠣᠯ ᠮᠠᠨ ᠤ ᠤᠯᠤᠰ ᠤᠨ ᠤᠯᠤᠰ ᠤᠨ ᠠᠮᠤᠷ ᠲᠦᠪᠰᠢᠨ ᠤ ᠠᠵᠢᠯ ᠤᠨ ᠦᠢᠯᠡᠳᠦᠯᠭᠡ ᠶᠢᠨ ᠲᠤᠬᠠᠶ ᠰᠢᠰᠲ᠋ᠧᠮ ᠲᠠᠢ ᠳ᠋ᠦᠩᠨᠡᠯᠲᠡ | ᠮᠥᠨ᠂ ᠲᠡᠷᠡ ᠨᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠬᠤ ᠮᠥᠷᠲᠡᠭᠡᠨ ᠪᠠᠰᠠ ᠴᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠬᠤ ᠶᠤᠮ᠃ | ○ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ | ○ᠳᠤᠮᠳᠠᠳᠤ ᠤᠯᠤᠰ ᠤᠨ ᠣᠨᠴᠠᠯᠢᠭ ᠪᠦᠬᠦᠢ ᠤᠯᠤᠰ ᠤᠨ ᠠᠮᠤᠷ ᠲᠦᠪᠰᠢᠨ ᠤ ᠵᠠᠮ ᠢ ᠪᠠᠷᠢᠮᠲᠠᠯᠠᠬᠤ | ○ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ ᠶᠢ ᠪᠠᠷᠢᠮᠲᠠᠯᠠᠬᠤ | ○ ᠨᠢᠭᠡᠳᠦᠯᠲᠡᠶ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠬᠤ | ○ ᠤᠯᠤᠰ ᠲᠦᠷᠦ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠬᠤ | ○ᠡᠯ᠎ᠡ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠬᠤ | ○ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠬᠤ | ○ ᠣᠯᠠᠨ ᠤᠯᠤᠰ ᠤᠨ ᠬᠠᠮᠲᠤ ᠶᠢᠨ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠬᠤ | ○ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠪᠠᠷᠢᠮᠲᠠᠯᠠᠬᠤ | ○ ᠤᠯᠤᠰ ᠤᠨ ᠠᠮᠤᠷ ᠲᠦᠪᠰᠢᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠬᠤ | | | ᠬᠠᠤᠯᠢ ᠴᠠᠭᠠᠵᠠ ᠶᠢᠨ ᠲᠣᠭᠲᠠᠯᠴᠠᠭ᠎ᠠ | ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠲᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠠᠮᠤᠷ ᠲᠦᠪᠰᠢᠨ ᠤ ᠠᠰᠢᠭ ᠲᠤᠰᠠ ᠶᠢ ᠬᠠᠮᠠᠭᠠᠯᠠᠬᠤ ᠰᠠᠭᠤᠷᠢ ᠴᠢᠨᠠᠷᠲᠠᠶ ᠪᠠᠲᠤᠯᠠᠭ᠎ᠠ ᠮᠥᠨ᠃ | ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠳᠤ᠄ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ | 2. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ | 3. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ︾ | 4. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ | 5. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠮᠡᠳᠡᠭᠡᠨ ᠤ ᠬᠠᠤᠯᠢ︾ | 6. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ | 7. ︽ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠢᠯᠢ ᠶᠢᠨ ᠳᠣᠲᠣᠷᠠᠬᠢ ᠠᠵᠢᠯᠯᠠᠭ᠎ᠠ ᠶᠢᠨ ᠬᠠᠮᠢᠶᠠᠷᠤᠯᠲᠠ ᠶᠢᠨ | ᠬᠠᠤᠯᠢ︾ | 8. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ | 9. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠮ᠎ᠡ ᠶᠢᠨ ᠠᠮᠤᠷ ᠲᠦᠪᠰᠢᠨ ᠤ ᠬᠠᠤᠯᠢ︾ | 10. ︽ᠤᠯᠤᠰ ᠤᠨ ᠨᠢᠭᠤᠴᠠ ᠮᠡᠳᠡᠭᠡᠨ ᠤ ᠬᠠᠤᠯᠢ︾ | 11. ︽ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ︾ ᠵᠡᠷᠭᠡ | | | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠢᠳᠡ ᠶᠠᠭᠠᠬᠢᠵᠤ ᠬᠢᠪᠡᠯ ᠵᠣᠬᠢᠬᠤ ᠪᠤᠢ︖ | ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ︾ ᠶᠢᠨ ᠲᠠᠯᠠᠨ ᠳᠣᠯᠣᠳᠤᠭᠠᠷ ᠵᠦᠢᠯ ᠳᠤ᠂ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠳᠣᠣᠷ᠎ᠠ | ᠵᠢᠭᠰᠠᠭᠠᠭᠰᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠨᠦᠭᠦᠳ ᠢ ᠭᠦᠢᠴᠡᠳᠬᠡᠬᠦ ᠬᠡᠷᠡᠭᠲᠡᠶ ᠭᠡᠵᠦ ᠲᠣᠭᠲᠠᠭᠠᠪᠠ᠄ | ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠠᠪᠤᠴᠠ ᠳᠠᠬᠢ ᠡᠭᠦᠷᠭᠡ ᠨᠢ ᠶᠠᠮᠠᠷ ᠶᠠᠮᠠᠷ ᠪᠠᠶᠢᠳᠠᠭ ᠪᠤᠢ︖ | ︵ᠨᠢᠭᠡ︶ ᠦᠨᠳᠦᠰᠦᠨ ᠬᠠᠤᠯᠢ᠂ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠤᠯᠤᠰ ᠤᠨ ᠠᠮᠤᠷ ᠲᠦᠪᠰᠢᠨ ᠤ ᠲᠤᠬᠠᠶ ᠬᠤᠯᠪᠣᠭᠳᠠᠯ ᠪᠦᠬᠦᠢ | ᠲᠣᠭᠲᠠᠭᠠᠯ ᠢ ᠵᠢᠷᠤᠮᠯᠠᠨ ᠰᠠᠬᠢᠬᠤ︔ | ︵ᠬᠤᠶᠠᠷ︶ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤ ᠨᠢ ᠮᠡᠳᠡᠭᠦᠯᠬᠦ︔ | ︵ᠭᠤᠷᠪᠠ︶ ᠣᠯᠵᠤ ᠮᠡᠳᠡᠭᠰᠡᠨ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠳᠤ ᠬᠤᠯᠪᠣᠭᠳᠠᠭᠰᠠᠨ ᠭᠡᠷᠡᠴᠢ | ᠪᠠᠷᠢᠮᠲᠠ ᠶᠢ ᠦᠨᠡᠨ ᠮᠥᠨ ᠢᠶᠠᠷ ᠨᠢ ᠬᠠᠩᠭᠠᠬᠤ︔ | ︵ᠲᠦᠷᠪᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠲᠦᠬᠦᠮ ᠨᠥᠬᠦᠴᠡᠯ ᠬᠠᠩᠭᠠᠬᠤ ᠪᠤᠶᠤ ᠪᠤᠰᠤᠳ ᠲᠠᠯ᠎ᠠ ᠶᠢᠨ ᠬᠠᠪᠰᠤᠷᠤᠯᠭ᠎ᠠ | ᠦᠵᠡᠭᠦᠯᠬᠦ︔ | ︵ᠲᠠᠪᠤ︶ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠤᠯᠪᠣᠭᠳᠠᠯ ᠪᠦᠬᠦᠢ ᠴᠡᠷᠢᠭ ᠤᠨ ᠶᠠᠪᠤᠳᠠᠯ ᠤᠨ | ᠪᠠᠶᠢᠭᠤᠯᠭ᠎ᠠ ᠳᠤ ᠴᠢᠬᠤᠯᠠ ᠪᠦᠬᠦᠢ ᠳᠡᠮᠵᠢᠯᠭᠡ ᠪᠠ ᠬᠠᠮᠵᠢᠯᠴᠠᠭ᠎ᠠ ᠬᠠᠩᠭᠠᠬᠤ︔ | ︵ᠵᠢᠷᠭᠤᠭ᠎ᠠ︶ ᠮᠡᠳᠡᠵᠦ ᠪᠠᠶᠢᠭ᠎ᠠ ᠤᠯᠤᠰ ᠤᠨ ᠨᠢᠭᠤᠴᠠ ᠶᠢ ᠬᠠᠮᠠᠭᠠᠯᠠᠬᠤ︔ | ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠨᠦᠭᠦᠳ᠃ | ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ | ᠬᠢᠵᠦ ᠪᠣᠯᠬᠤ ᠦᠭᠡᠢ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠳᠤ ᠶᠠᠮᠠᠷᠪᠠ | ᠲᠤᠰᠠᠯᠠᠮᠵᠢ ᠪᠤᠶᠤ ᠬᠠᠪᠰᠤᠷᠤᠯᠭ᠎ᠠ ᠦᠵᠡᠭᠦᠯᠵᠦ ᠪᠣᠯᠬᠤ ᠦᠭᠡᠢ᠃ | ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠶᠠᠮᠠᠷ ᠶᠠᠮᠠᠷ ᠡᠷᠬᠡ ᠲᠠᠢ ᠪᠠᠶᠢᠳᠠᠭ ᠪᠤᠢ︖ | ★ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠠᠴᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠳᠡᠮᠵᠢᠭᠰᠡᠨ᠂ ᠬᠠᠪᠰᠤᠷᠤᠭᠰᠠᠨ ᠦᠢᠯᠡ | ᠠᠵᠢᠯᠯᠠᠭ᠎ᠠ ᠶᠢ ᠬᠠᠤᠯᠢ ᠪᠠᠷ ᠬᠠᠮᠠᠭᠠᠯᠠᠨ᠎ᠠ᠃ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠲᠡᠮᠵᠢᠵᠦ ᠬᠠᠪᠰᠤᠷᠤᠭᠰᠠᠨ ᠠᠴᠠ ᠪᠤᠯᠵᠦ᠂ ᠲᠤᠰ ᠬᠥᠮᠦᠨ ᠪᠤᠶᠤ ᠲᠡᠭᠦᠨ ᠤ ᠤᠢᠢᠷ᠎ᠠ ᠲᠦᠷᠦᠯ | ᠰᠡᠳᠦᠠ ᠤ ᠪᠡᠶ᠎ᠡ ᠶᠢᠨ ᠠᠮᠤᠷ ᠲᠦᠪᠰᠢᠨ ᠠᠶᠤᠯ ᠲᠦᠭᠰᠢᠭᠦᠷᠢ ᠳᠤ ᠤᠴᠠᠷᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠬᠠᠮᠠᠭᠠᠯᠠᠭᠤᠯᠬᠤ ᠪᠠᠷ ᠭᠤᠶᠤᠴᠢᠯᠠᠵᠤ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠪᠠᠶᠢᠭᠤᠯᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ | ᠬᠡᠷᠡᠭᠲᠡᠶ᠃ | ★ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠠᠴᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠳᠡᠮᠵᠢᠨ ᠬᠠᠪᠰᠤᠷᠤᠭᠰᠠᠨ ᠠᠴᠠ ᠪᠤᠯᠵᠤ ᠡᠳ᠋ | ᠬᠦᠷᠦᠩᠭᠡ ᠶᠢᠨ ᠬᠤᠬᠢᠷᠠᠯ ᠳᠤ ᠤᠴᠠᠷᠠᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠯᠥᠪᠦᠷᠢ ᠥᠭᠭᠦᠨ᠎ᠡ︔ ᠬᠥᠮᠦᠨ ᠤ ᠪᠡᠶ᠎ᠡ ᠶᠢ | ᠭᠡᠮᠲᠦᠭᠡᠭᠰᠡᠨ ᠪᠤᠶᠤ ᠦᠬᠦᠭᠦᠯᠦᠭᠰᠡᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠰᠠᠷᠠᠮᠵᠢ ᠬᠠᠷᠠᠭᠠᠯᠵᠠᠯ ᠦᠵᠡᠭᠦᠯᠦᠨ᠎ᠡ᠃ | ★ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠲᠦᠷᠦ ᠶᠢᠨ ᠪᠠᠶᠢᠭᠤᠯᠭ᠎ᠠ ᠳᠤ ᠰᠢᠭᠦᠮᠵᠢᠯᠡᠯ | ᠰᠠᠨᠠᠭᠤᠯᠭ᠎ᠠ ᠳᠤᠷᠠᠳᠬᠤ ᠡᠷᠬᠡ ᠲᠠᠢ᠂ ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ | ᠳᠤᠮᠳᠠᠬᠢ ᠬᠠᠤᠯᠢ ᠶᠢ ᠵᠥᠷᠢᠴᠡᠵᠦ ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠳᠤ ᠭᠤᠮᠣᠳᠠᠯ ᠲᠣᠭᠠᠴᠢᠬᠤ᠂ ᠵᠠᠭᠠᠯᠳᠤᠬᠤ ᠪᠠ ᠢᠯᠡᠴᠢᠯᠡᠬᠦ ᠡᠷᠬᠡ ᠲᠠᠢ᠃ | ★ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠳᠤᠮᠳᠠ᠂ ᠠᠷᠠᠳ ᠢᠷᠭᠡᠨ ᠤ ᠡᠷᠬᠡ ᠪᠠ ᠡᠷᠬᠡ ᠴᠢᠯᠥᠭᠡ ᠶᠢ ᠬᠢᠵᠠᠭᠠᠷᠯᠠᠬᠤ ᠣᠨᠴᠠᠭᠠᠶ | ᠠᠷᠭ᠎ᠠ ᠬᠡᠮᠵᠢᠶ᠎ᠡ ᠠᠪᠬᠤ ᠴᠢᠬᠤᠯᠠᠲᠠᠶ ᠦᠶ᠎ᠡ ᠳᠤ᠂ ᠬᠠᠤᠯᠢ ᠶᠣᠰᠣᠭᠠᠷ ᠶᠠᠪᠤᠭᠳᠠᠭᠤᠯᠬᠤ ᠬᠡᠷᠡᠭᠲᠡᠶ ᠪᠥᠭᠡᠳ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ | ᠪᠣᠳᠠᠲᠤ ᠬᠡᠷᠡᠭᠴᠡᠭᠡ ᠪᠠᠷ ᠬᠢᠵᠠᠭᠠᠷ ᠪᠣᠯᠭᠠᠬᠤ ᠬᠡᠷᠡᠭᠲᠡᠶ᠃ | |