︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠥᠳᠡᠯᠮᠦᠷᠢ ᠶᠢᠨ ᠭᠡᠷ᠎ᠡ ᠶᠢ ᠵᠢᠷᠤᠮᠵᠢᠭᠤᠯᠤᠨ ᠬᠠᠮᠢᠶᠠᠷᠬᠤ ᠶᠢ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/24
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠥᠳᠡᠯᠮᠦᠷᠢ ᠶᠢᠨ ᠭᠡᠷ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄    ᠨᠢᠭᠡ᠂ ᠨᠣᠣᠷᠠᠭᠯᠠᠭᠰᠠᠨ ᠠᠬᠤᠶ ᠪᠠᠶᠢᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ 2021 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ ᠬᠢᠨᠠᠨ ᠵᠥᠪᠯᠡᠵᠦ ᠪᠠᠲᠤᠯᠠᠭᠰᠠᠨ ᠪᠥᠭᠡᠳ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠳᠦᠷᠢᠮ︾ ᠤᠨ ᠰᠢᠨᠵᠢᠯᠡᠬᠦ ᠤᠬᠠᠭᠠᠨᠴᠢ᠂ ᠵᠢᠷᠤᠮᠵᠢᠭᠤᠨ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ︽1+N︾ ᠬᠠᠪᠰᠤᠷᠤᠭᠴᠢ ᠴᠠᠭᠳᠠᠭ᠎ᠠ ᠶᠢᠨ ᠬᠠᠮᠢᠶᠠᠷᠤᠯᠲᠠ ᠶᠢᠨ ᠢᠵᠢ ᠪᠦᠷᠢᠳᠦᠭᠦᠯᠬᠦ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠬᠠᠪᠰᠤᠷᠤᠭᠴᠢ ᠴᠠᠭᠳᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠬᠠᠪᠰᠤᠷᠤᠭᠴᠢ ᠴᠠᠭᠳᠠᠭ᠎ᠠ ᠶᠢᠨ ᠬᠠᠮᠢᠶᠠᠷᠤᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ ᠪᠠ ᠨᠠᠷᠢᠯᠢᠬᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠲᠦᠷᠢᠮ ᠲᠤᠭᠳᠠᠭᠠᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ︽ᠬᠡᠷᠡᠭᠵᠢᠭᠦᠯᠬᠦ ᠨᠠᠷᠢᠨ ᠲᠦᠷᠢᠮ︾ ᠢ ᠲᠣᠭᠲᠠᠭᠠᠪᠠ᠃    ᠬᠤᠶᠠᠷ᠂ ᠲᠤᠭᠤᠷᠪᠢᠨ ᠪᠢᠴᠢᠭᠰᠡᠨ ᠶᠠᠪᠤᠴᠠ    ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ᠂ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ︽ᠬᠡᠷᠡᠭᠵᠢᠭᠦᠯᠬᠦ ᠨᠠᠷᠢᠨ ᠲᠦᠷᠢᠮ︾ ᠤᠨ ᠰᠠᠨᠠᠯ ᠬᠤᠷᠢᠶᠠᠬᠤ ᠨᠤᠤᠷᠠᠭ ᠢ ᠲᠤᠭᠤᠷᠪᠢᠵᠤ᠂ ᠳᠣᠲᠣᠭᠠᠳᠤ ᠭᠠᠳᠠᠭᠠᠳᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠥᠷᠭᠡᠨ ᠢᠶᠠᠷ ᠰᠠᠨᠠᠯ ᠬᠤᠷᠢᠶᠠᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠪᠠ᠃ ᠭᠤᠷᠪᠠᠳᠠᠬᠢ ᠡᠲᠡᠭᠡᠳ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ︽ᠬᠡᠷᠡᠭᠵᠢᠭᠦᠯᠬᠦ ᠨᠠᠷᠢᠨ ᠲᠦᠷᠢᠮ︾ ᠤᠨ ᠪᠣᠯᠤᠮᠵᠢᠲᠤ ᠴᠢᠨᠠᠷ ᠲᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠵᠦ᠂ ᠣᠯᠠᠨ ᠬᠠᠤᠯᠢᠴᠢ ᠪᠠ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ ︽ᠬᠡᠷᠡᠭᠵᠢᠭᠦᠯᠬᠦ ᠨᠠᠷᠢᠨ ᠲᠦᠷᠢᠮ︾ ᠳᠤ ᠪᠢᠴᠢᠭ ᠤᠨ ᠰᠠᠨᠠᠯ ᠳᠤᠷᠠᠳᠤᠭᠤᠯᠤᠭᠰᠠᠨ ᠪᠥᠭᠡᠳ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ᠃ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ᠂ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠤᠷᠢᠶᠠᠩᠭᠤᠶᠢᠯᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠤᠯᠢ ᠲᠦᠷᠢᠮ ᠤᠨ ᠰᠠᠯᠠᠭ᠎ᠠ ᠮᠥᠴᠢᠷ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ ᠪᠠᠲᠤᠯᠠᠭᠤᠯᠤᠭᠠᠳ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃     ᠭᠤᠷᠪᠠ᠂ ᠭᠤᠣᠯ ᠠᠭᠤᠯᠭ᠎ᠠ    ︽ᠬᠡᠷᠡᠭᠵᠢᠭᠦᠯᠬᠦ ᠨᠠᠷᠢᠨ ᠲᠦᠷᠢᠮ︾ ᠳᠤ ᠨᠡᠶᠢᠲᠡ 5 ᠪᠦᠯᠦᠭ 47 ᠵᠦᠢᠯ ᠲᠠᠢ᠃ ᠨᠢᠭᠡᠳᠦᠭᠡᠷ ᠪᠦᠯᠦᠭ ᠶᠡᠷᠦᠩᠬᠡᠶ ᠲᠦᠷᠢᠮ᠂ ᠨᠡᠶᠢᠲᠡ 4 ᠵᠦᠢᠯ ᠲᠠᠢ᠃ ᠬᠡᠷᠡᠭᠯᠡᠬᠦ ᠡᠲᠡᠭᠡᠳ ᠢ ᠲᠣᠳᠣᠷᠬᠠᠶᠢᠯᠠᠵᠤ᠂ ᠬᠠᠪᠰᠤᠷᠤᠭᠴᠢ ᠴᠠᠭᠳᠠᠭ᠎ᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠬᠠᠮᠢᠶᠠᠷᠤᠯᠲᠠ ᠶᠢ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠬᠤᠶᠠᠳᠤᠭᠠᠷ ᠪᠦᠯᠦᠭ ᠬᠥᠳᠡᠯᠮᠦᠷᠢ ᠶᠢᠨ ᠭᠡᠷ᠎ᠡ ᠶᠢ ᠲᠣᠭᠲᠠᠭᠠᠬᠤ᠂ ᠨᠡᠶᠢᠲᠡ 14 ᠵᠦᠢᠯ ᠪᠤᠶ᠃ ᠡᠭᠦᠨ ᠳᠤ ᠪᠢᠴᠢᠭ ᠢᠶᠠᠷ ᠬᠥᠳᠡᠯᠮᠦᠷᠢ ᠶᠢᠨ ᠭᠡᠷ᠎ᠡ ᠲᠣᠭᠲᠠᠭᠠᠬᠤ ᠴᠠᠭ᠂ ᠠᠭᠤᠯᠭ᠎ᠠ᠂ ᠲᠥᠷᠥᠯ ᠵᠦᠢᠯ᠂ ᠬᠤᠭᠤᠴᠠᠭ᠎ᠠ ᠬᠢᠵᠠᠭᠠᠷ᠂ ᠵᠢᠷᠤᠮ ᠵᠢᠴᠢ ᠪᠣᠯᠵᠣᠨ ᠲᠣᠭᠲᠠᠭᠰᠠᠨ ᠦᠢᠯᠡᠴᠢᠯᠡᠭᠡᠨ ᠤ ᠬᠤᠭᠤᠴᠠᠭ᠎ᠠ ᠵᠡᠷᠭᠡ ᠶᠢ ᠲᠣᠳᠣᠷᠬᠠᠶᠢᠯᠠᠭᠰᠠᠨ ᠪᠠᠶᠢᠨ᠎ᠠ᠃ ᠭᠤᠷᠪᠠᠳᠤᠭᠠᠷ ᠪᠦᠯᠦᠭ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠲᠣᠭᠲᠠᠭᠠᠬᠤ ᠪᠠ ᠬᠤᠪᠢᠷᠠᠭᠤᠯᠬᠤ᠂ ᠨᠡᠶᠢᠲᠡ 7 ᠵᠦᠢᠯ ᠪᠤᠶ᠃ ᠡᠭᠦᠨ ᠳᠤ ᠦᠷᠭᠦᠯᠵᠢᠯᠡᠨ ᠲᠣᠭᠲᠠᠭᠠᠬᠤ᠂ ᠴᠠᠭ ᠲᠤᠬᠠᠶ ᠳᠤ ᠨᠢ ᠦᠷᠭᠦᠯᠵᠢᠯᠡᠨ ᠲᠤᠭᠳᠠᠭᠠᠬᠤ ᠦᠭᠡᠶ᠂ ᠦᠷᠭᠦᠯᠵᠢᠯᠡᠨ ᠲᠣᠭᠲᠠᠭᠠᠵᠤ ᠥᠯᠥ ᠪᠣᠯᠬᠤ ᠵᠢᠴᠢ ᠬᠥᠳᠡᠯᠮᠦᠷᠢ ᠶᠢᠨ ᠭᠡᠷ᠎ᠡ ᠶᠢ ᠬᠡᠷᠡᠭᠯᠡᠬᠦ ᠨᠥᠬᠦᠴᠡᠯ ᠪᠠ ᠵᠢᠷᠤᠮ ᠢ ᠬᠤᠪᠢᠷᠠᠭᠤᠯᠵᠤ ᠪᠣᠯᠬᠤ ᠦᠭᠡᠶ ᠶᠢ ᠲᠣᠳᠤᠷᠬᠠᠶᠢᠯᠠᠪᠠ᠃ ᠳᠥᠷᠪᠡᠳᠦᠭᠡᠷ ᠪᠦᠯᠦᠭ ᠬᠥᠳᠡᠯᠮᠦᠷᠢ ᠶᠢᠨ ᠭᠡᠷ᠎ᠡ ᠶᠢ ᠴᠤᠴᠠᠯᠬᠤ ᠪᠠ ᠡᠴᠦᠰᠯᠡᠯ ᠳᠤ ᠨᠡᠶᠢᠳᠡ 19 ᠵᠦᠢᠯ ᠪᠤᠢ᠃ ᠡᠭᠦᠨ ᠢ ᠭᠤᠣᠯᠳᠠᠭᠤ ᠲᠤᠰᠢᠶᠠᠯ ᠠᠴᠠ ᠪᠠᠨ ᠪᠠᠭᠤᠬᠤ᠂ ᠤᠷᠢᠬᠤ ᠪᠠᠨ ᠪᠤᠯᠢᠬᠤ ᠪᠠ ᠬᠤᠶᠠᠷ ᠲᠠᠯ᠎ᠠ ᠪᠠᠷ ᠢᠶᠠᠨ ᠵᠥᠪᠳᠡᠯᠴᠡᠭᠡᠳ ᠰᠠᠨᠠᠯ ᠨᠢᠭᠡᠳᠴᠦ ᠬᠥᠳᠡᠯᠮᠦᠷᠢ ᠶᠢᠨ ᠭᠡᠷ᠎ᠡ ᠶᠢ ᠴᠤᠴᠠᠯᠬᠤ ᠭᠤᠷᠪᠠᠨ ᠵᠦᠢᠯ ᠤᠨ ᠪᠠᠶᠢᠳᠠᠯ ᠠᠴᠠ ᠵᠢᠷᠤᠮᠵᠢᠭᠤᠯᠤᠨ᠎ᠠ᠃ ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ᠨᠡᠶᠢᠲᠡ 3 ᠵᠦᠢᠯ ᠪᠣᠢ᠃ ᠬᠤᠯᠪᠣᠭᠳᠠᠯ ᠪᠦᠬᠦᠢ ᠬᠠᠷᠢᠭᠤᠴᠠᠯᠭᠠᠲᠤ ᠤᠳᠤᠷᠢᠳᠤᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠨ ᠬᠥᠳᠡᠯᠮᠦᠷᠢ ᠶᠢᠨ ᠭᠡᠷ᠎ᠡ ᠶᠢᠨ ᠬᠠᠷᠢᠭᠤᠴᠠᠯᠭ᠎ᠠ ᠶᠢ ᠨᠡᠬᠡᠮᠵᠢᠯᠡᠬᠦ᠂ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠵᠠᠮ ᠵᠢᠴᠢ ᠲᠠᠶᠢᠯᠪᠤᠷᠢᠯᠠᠬᠤ ᠰᠠᠯᠠᠭ᠎ᠠ ᠮᠥᠴᠢᠷ ᠪᠠ ᠬᠡᠷᠡᠭᠵᠢᠭᠦᠯᠬᠦ ᠴᠠᠭ ᠵᠡᠷᠭᠡ ᠶᠢ ᠲᠣᠭᠲᠠᠭᠠᠵᠠᠶ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ