︽ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠪᠠᠲᠤᠯᠠᠬᠤ ᠪᠠ ᠦᠢᠯᠡᠴᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭᠵᠢᠭᠦᠯᠬᠦ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/4/24
    ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠬᠦᠴᠦᠨ ᠮᠥᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ ᠠᠬᠤᠢ ᠶᠢᠨ ᠴᠣᠭᠴᠠ ᠶᠢ ᠪᠠᠶᠢᠭᠤᠯᠬᠤ ᠴᠢᠬᠤᠯᠠ ᠭᠤᠣᠯ ᠴᠣᠭᠴᠠ ᠮᠥᠨ᠃ 2018 ᠣᠨ ᠤ 11 ᠰᠠᠷ᠎ᠠ ᠶᠢᠨ 1 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠡᠶᠢᠭᠡᠮ ᠤᠨ ᠬᠥᠭᠵᠢᠯᠲᠡ ᠳᠠᠬᠢ ᠴᠢᠬᠤᠯᠠ ᠪᠠᠶᠢᠷᠢ ᠰᠠᠭᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠶᠡᠬᠡᠪᠡᠷ ᠳᠡᠮᠵᠢᠬᠦ ᠵᠢᠭᠠᠪᠤᠷᠢ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ 2018 ᠣᠨ ᠤ 11 ᠰᠠᠷ᠎ᠠ ᠶᠢᠨ 17 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠨᠠᠮ ᠤᠨ ᠬᠤᠷᠢᠶ᠎ᠠ ᠶᠢᠨ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠵᠣᠣ ᠺᠧ ᡁᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠦᠢᠯᠡᠴᠢᠯᠡᠬᠦ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠳᠣᠲᠣᠭᠠᠳᠤ ᠶᠢ ᠬᠠᠮᠠᠭᠠᠯᠠᠬᠤ ᠶᠠᠮᠤᠨ 12 ᠰᠠᠷ᠎ᠠ ᠶᠢᠨ 5 ᠤ ᠡᠳᠦᠷ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠪᠠᠲᠤᠯᠠᠬᠤ ᠪᠠ ᠲᠡᠭᠦᠨ ᠳᠤ ᠦᠢᠯᠡᠴᠢᠯᠡᠬᠦ ᠲᠤᠬᠠᠶ ᠵᠢᠯᠣᠭᠤᠳᠬᠤ ᠰᠠᠨᠠᠯ︾ ᠢ ᠲᠤᠰᠬᠠᠶᠢᠯᠠᠨ ᠲᠣᠭᠲᠠᠭᠠᠨ ᠲᠠᠷᠬᠠᠭᠠᠵᠤ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 2018 ᠣᠨ ᠤ 12 ᠰᠠᠷ᠎ᠠ ᠶᠢᠨ 12 ᠤᠨ ᠡᠳᠦᠷ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠤᠰᠬᠠᠶᠢᠯᠠᠨ ᠲᠣᠭᠲᠠᠭᠠᠨ ᠨᠡᠶᠢᠲᠡᠯᠡᠪᠡ᠃     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶᠢᠯᠠᠯ ᠳᠤ ᠨᠡᠩ ᠰᠠᠶᠢᠨ ᠰᠢᠯᠢᠳᠡᠭ ᠦᠢᠯᠡᠴᠢᠯᠡᠭᠡ ᠬᠠᠩᠭᠠᠬᠤ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠠᠬᠢᠭᠤᠯᠵᠤ᠂ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ 12 ᠳ᠋ᠤᠭᠠᠷ ᠰᠠᠷ᠎ᠠ ᠶᠢᠨ 23 ᠤ ᠡᠳᠦᠷ ᠮᠠᠨ ᠤ ᠣᠷᠣᠨ ᠤ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢ ᠶᠢ ᠲᠤᠰᠬᠠᠶᠢᠯᠠᠨ ᠤᠷᠢᠵᠤ ᠴᠠᠭᠳᠠᠭ᠎ᠠ ᠠᠵᠤ ᠠᠬᠤᠶᠢᠯᠠᠯᠲᠠᠨ ᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠦᠢᠯᠡᠴᠢᠯᠡᠬᠦ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ ᠡᠨᠡ ᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠯᠠᠨ ᠲᠠᠯ᠎ᠠ ᠶᠢᠨ ᠰᠠᠨᠠᠯ ᠬᠤᠷᠢᠶᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠪᠠᠲᠤᠯᠠᠬᠤ ᠪᠠ ᠦᠢᠯᠡᠴᠢᠯᠡᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠪᠠ᠃    ︽ᠬᠡᠷᠡᠭᠵᠢᠭᠦᠯᠬᠦ ᠰᠠᠨᠠᠯ︾ ᠳᠤ ᠭᠤᠣᠯᠳᠠᠯᠭ᠎ᠠ ᠲᠠᠢ ᠪᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠠᠮᠤᠷ ᠲᠦᠪᠰᠢᠨ ᠤ ᠰᠡᠷᠭᠡᠶᠢᠯᠡᠯᠲᠡ᠂ ᠴᠠᠭᠳᠠᠭ᠎ᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠦᠢᠯᠡᠴᠢᠯᠡᠬᠦ 30 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯ ᠡᠷᠭᠢᠯᠡᠭᠰᠡᠳ ᠤᠨ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ ᠠᠭᠤᠵᠢᠭᠤ ᠲᠠᠯᠪᠢᠬᠤ᠂ ᠡᠷᠦᠬᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠪᠠ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠤᠨ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠬᠦ᠂ ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠲᠦᠷᠢᠮ ᠢ ᠲᠡᠭᠦᠯᠳᠡᠷᠵᠢᠭᠦᠯᠬᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠬᠤᠶᠠᠷ ᠲᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠡᠪᠡᠷᠰᠢᠭᠦᠯᠬᠦ ᠲᠠᠯ᠎ᠠ ᠪᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠦᠭᠰᠢᠭᠦᠷᠢ ᠮᠡᠳᠡᠭᠦᠯᠬᠦ ᠶᠢ ᠲᠦᠷᠭᠡᠨ ᠭᠥᠯᠢᠶᠡᠨ ᠠᠪᠴᠤ ᠰᠢᠢᠳᠪᠦᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠭᠤᠷᠪᠠ ᠳᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠠᠶᠢᠵᠢᠷᠠᠭᠤᠯᠬᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ᠂ ᠬᠠᠤᠯᠢ ᠶᠣᠰᠣᠭᠠᠷ ᠪᠦᠬᠦ ᠲᠠᠯ᠎ᠠ ᠪᠠᠷ ᠡᠷᠬᠡ ᠲᠡᠭᠰᠢ ᠪᠠᠷ ᠬᠠᠮᠠᠭᠠᠯᠠᠬᠤ ᠶᠢ ᠪᠠᠷᠢᠮᠲᠠᠯᠠᠬᠤ᠂ ᠡᠷᠡᠭᠦᠦ ᠶᠢᠨ ᠬᠡᠷᠡᠭ ᠤᠨ ᠬᠠᠤᠯᠢ ᠬᠡᠷᠡᠭᠵᠢᠭᠦᠯᠦᠯᠲᠡ ᠪᠠᠷ ᠠᠵᠤ ᠠᠬᠤᠢ ᠶᠢᠨ ᠵᠠᠭᠤᠷᠠᠯᠳᠤᠭᠠᠨ ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯᠲᠠᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠢ ᠬᠡᠷᠡᠭᠯᠡᠬᠦ᠂ ᠠᠵᠤ ᠠᠬᠤᠶᠢᠯᠠᠯ ᠤᠨ ᠡᠳ᠋ ᠬᠥᠷᠥᠩᠭᠡ ᠳᠤ ᠪᠠᠶᠢᠴᠠᠭᠠᠨ ᠪᠢᠲᠡᠭᠦᠮᠵᠢᠯᠡᠬᠦ᠂ ᠦᠯᠡᠳᠡᠭᠡᠨ ᠠᠪᠬᠤ᠂ ᠦᠯᠦ ᠬᠥᠳᠡᠯᠭᠡᠭᠦᠯᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠲᠦᠷᠪᠡ ᠳᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠵᠢᠯᠣᠭᠤᠳᠬᠤ᠂ ᠴᠠᠭᠳᠠᠭ᠎ᠠ ᠠᠵᠤ ᠠᠬᠤᠶᠢᠯᠠᠯ ᠤᠨ ᠬᠠᠷᠢᠯᠴᠠᠭ᠎ᠠ ᠶᠢ ᠨᠢᠭᠲᠠᠷᠠᠭᠤᠯᠬᠤ ᠲᠠᠯ᠎ᠠ ᠪᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠯᠴᠠᠬᠤ ᠲᠣᠭᠲᠠᠴᠠ ᠶᠢ ᠭᠦᠨᠵᠡᠭᠡᠶᠢᠷᠡᠭᠦᠯᠬᠦ᠂ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ ᠴᠠᠭᠳᠠᠭ᠎ᠠ ᠠᠵᠤ ᠠᠬᠤᠶᠢᠯᠠᠯ ᠤᠨ ᠬᠠᠷᠢᠴᠠᠭ᠎ᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠲᠠᠪᠤ ᠳᠤ᠂ ᠬᠠᠤᠯᠢ ᠬᠡᠷᠡᠭᠵᠢᠭᠦᠯᠬᠦ ᠳᠦᠷᠢᠮ ᠤᠨ ᠪᠠᠶᠢᠭᠤᠯᠤᠯᠲᠠ ᠶᠢ ᠠᠬᠢᠭᠤᠯᠬᠤ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠳᠦᠷᠢᠮ ᠤᠨ ᠵᠢᠷᠤᠮᠵᠢᠯ ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠠᠩ ᠣᠯᠠᠨ ᠨᠠᠩ ᠭᠦᠨᠵᠡᠭᠡᠶ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤᠮᠳᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ