ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠶ ᠣᠷᠴᠢᠨ ᠲᠣᠭᠤᠷᠢᠨ ᠢᠳᠡᠭᠡᠨ ᠪᠠ ᠡᠮ ᠤᠨ | ᠵᠦᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ︾ | ︵ᠳᠣᠷᠣᠭᠰᠢ ︽ᠱᠠᠩᠨᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ | ᠲᠠᠶᠢᠯᠪᠤᠷᠢᠯᠠᠶ᠎ᠠ᠄ | ᠨᠢᠭᠡ᠂ ᠨᠣᠣᠷᠠᠭᠯᠠᠭᠰᠠᠨ ᠠᠬᠤᠶ ᠪᠠᠶᠢᠳᠠᠯ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠢ ᠣᠷᠴᠢᠨ ᠲᠤᠭᠤᠷᠢᠨ ᠢᠳᠡᠭᠡᠨ ᠡᠮ ᠤᠨ ᠵᠦᠢᠯ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠭᠰᠡᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠨᠢ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠶᠠᠰᠤ ᠴᠢᠨᠠᠷ ᠲᠤ ᠬᠤᠯᠪᠣᠭᠳᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠤᠯᠪᠣᠭᠳᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ | ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠮᠢ ᠠᠬᠤᠢ | ᠣᠷᠴᠢᠨ ᠲᠤᠭᠤᠷᠢᠨ ᠢᠳᠡᠭᠡᠨ ᠡᠮ ᠤᠨ ᠵᠦᠢᠯ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠠᠵᠢᠯᠯᠠᠭ᠎ᠠ ᠮᠥᠨ ᠬᠦ | ᠣᠯᠠᠨ ᠳᠠᠬᠢᠨ ᠡᠭᠦᠰᠴᠦ᠂ ᠶᠠᠯᠠᠲᠤ ᠠᠵᠢᠯᠯᠠᠭ᠎ᠠ ᠶᠢᠨ ᠣᠯᠠᠨ ᠲᠠᠰ ᠳᠠᠪᠬᠤᠷᠭ᠎ᠠ᠂ ᠬᠡᠯᠬᠢᠶᠡᠵᠢᠭᠰᠡᠨ᠂ ᠣᠷᠣᠨ ᠪᠦᠰᠡ ᠠᠯᠤᠰᠯᠠᠨ ᠬᠡᠷᠡᠭ ᠦᠢᠯᠡᠳᠬᠦ ᠵᠡᠷᠭᠡ | ᠣᠨᠴᠠᠯᠢᠭ ᠲᠣᠪᠤᠶᠢᠮ᠎ᠠ ᠪᠠᠶᠢᠵᠤ᠂ ᠭᠠᠭᠴᠠ ᠬᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠪᠡᠭᠴᠢ ᠶᠢ ᠢᠯᠡᠷᠡᠭᠦᠯᠬᠦ ᠳᠤ ᠲᠦᠰᠢᠭᠯᠡᠨ᠂ ︽ᠪᠥᠬᠦ | ᠭᠤᠭᠴᠤᠭ᠎ᠠ᠂ ᠪᠥᠬᠦ ᠬᠦᠴᠦᠨ ᠵᠦᠢᠯ᠂ ᠪᠥᠬᠦ ᠬᠡᠯᠬᠢᠶ᠎ᠡ︾ ᠳᠤ ᠴᠣᠬᠢᠯᠲᠠ ᠥᠭᠬᠦ ᠬᠠᠷᠠᠯᠲᠠ ᠶᠢ ᠪᠡᠶᠡᠯᠡᠭᠦᠯᠵᠦ ᠳᠡᠶᠢᠯᠬᠦ ᠥᠬᠡᠶ ᠪᠠᠶᠢᠨ᠎ᠠ᠃ ᠡᠶᠢᠮᠦ ᠠᠴᠠ᠂ | ᠬᠠᠮᠤᠷᠬᠤ ᠬᠡᠪᠴᠢᠶ᠎ᠡ ᠪᠠᠷ ᠨᠡᠩ ᠥᠷᠭᠡᠨ᠂ ᠠᠵᠢᠯᠯᠠᠭᠠᠨ ᠤ ᠴᠢᠨᠠᠷ ᠢᠶᠠᠷ ᠨᠡᠩ ᠴᠢᠩᠭ᠎ᠠ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠲᠣᠭᠲᠠᠴᠠ ᠶᠢ | ᠲᠦᠷᠭᠡᠬᠡᠨ ᠪᠠᠶᠢᠭᠤᠯᠵᠤ᠂ ᠨᠡᠶᠢᠭᠡᠮ ᠤᠨ ᠣᠯᠠᠨ ᠨᠡᠶᠢᠲᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ | ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠶᠠᠯᠠᠲᠤ ᠬᠡᠷᠡᠭ ᠤᠨ ᠰᠦᠪᠡᠭᠴᠢ ᠶᠢᠨ ᠢᠷᠡᠯᠳᠡ ᠶᠢᠨ ᠠᠷᠭ᠎ᠠ ᠵᠠᠮ ᠨᠢ | ᠥᠷᠭᠡᠨ ᠪᠢᠰᠢ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠲᠤᠭ᠎ᠠ ᠨᠢ ᠴᠥᠭᠡᠨ ᠶᠠᠰᠤ ᠴᠢᠨᠠᠷ ᠨᠢ ᠠᠨᠠᠶ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠶ | ᠪᠠᠶᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠳᠤᠲᠠᠭᠤᠳᠠᠯ ᠢ ᠨᠥᠬᠦᠪᠥᠷᠢᠯᠡᠬᠦ᠂ ᠲᠦᠷᠢᠮ ᠤᠨ ᠬᠤᠭᠤᠰᠣᠨ ᠳᠤᠲᠠᠭᠤᠳᠠᠯ ᠢ ᠨᠥᠬᠦᠪᠥᠷᠢᠯᠡᠬᠦ᠂ | ᠠᠮᠢ ᠠᠬᠤᠢ ᠣᠷᠴᠢᠨ ᠲᠤᠭᠤᠷᠢᠨ ᠢᠳᠡᠭᠡᠨ ᠡᠮ ᠤᠨ ᠵᠦᠢᠯ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠡᠷᠭᠡᠶᠢᠯᠡᠬᠦ ᠪᠠ ᠴᠢᠩᠭ᠎ᠠ ᠴᠣᠬᠢᠯᠲᠠ ᠥᠭᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠲᠤᠭᠤᠷᠪᠢᠨ ᠪᠢᠴᠢᠭᠰᠡᠨ ᠶᠠᠪᠤᠴᠠ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠨ᠂ 2023 ᠣᠨ ᠤ 2 ᠰᠠᠷ᠎ᠠ ᠳᠤ᠂ ︽ᠱᠠᠩᠨᠠᠬᠤ ᠠᠷᠭ᠎ᠠ︾ ᠶᠢ ᠭᠠᠷᠲᠠᠨ ᠲᠤᠭᠤᠷᠪᠢᠪᠠ︔ 2023 ᠣᠨ ᠤ 7 ᠰᠠᠷ᠎ᠠ ᠳᠤ ᠤᠷᠢᠳ ᠬᠤᠵᠢᠳ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠭᠰᠠᠨ ᠪᠥᠭᠡᠳ | ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠶᠠᠷᠢᠯᠴᠠᠨ ᠬᠢᠨᠠᠨ ᠰᠣᠩᠭᠤᠵᠤ᠂ ︽ᠱᠠᠩᠨᠠᠬᠤ ᠠᠷᠭ᠎ᠠ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠳᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ 2023 ᠣᠨ ᠤ 9 ᠰᠠᠷ᠎ᠠ ᠳᠤ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ | ︽ᠱᠠᠩᠨᠠᠬᠤ ᠠᠷᠭ᠎ᠠ︾ ᠳᠤ ᠰᠤᠳᠤᠯᠤᠨ ᠨᠤᠲᠠᠯᠠᠯᠲᠠ ᠬᠢᠬᠦ ᠪᠥᠭᠡᠳ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷ᠎ᠡ ᠨᠡᠶᠢᠭᠡᠮ ᠨᠡᠶᠢᠲᠡ ᠠᠴᠠ | ᠢᠯᠡ ᠪᠠᠷ 30 ᠡᠳᠦᠷ ᠰᠠᠨᠠᠯ ᠬᠤᠷᠢᠶᠠᠭᠰᠠᠨ ᠤ ᠬᠠᠮᠲᠤ ᠬᠤᠯᠪᠣᠭᠳᠠᠯ ᠪᠥᠬᠦᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ︽ᠱᠠᠩᠨᠠᠬᠤ ᠠᠷᠭ᠎ᠠ︾ ᠳᠤ | ᠨᠡᠶᠢᠭᠡᠮ ᠤᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠵᠡᠢ᠃ 2023 ᠣᠨ ᠤ 10 ᠰᠠᠷ᠎ᠠ ᠳᠤ ︽ᠱᠠᠩᠨᠠᠨ ᠬᠥᠬᠢᠭᠦᠯᠬᠦ ᠠᠷᠭ᠎ᠠ ︵ᠬᠦᠷᠭᠡᠨ ᠬᠢᠨᠠᠭᠤᠯᠬᠤ | ᠨᠣᠤᠷᠠᠭ︶︾ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠤᠯᠢ ᠲᠦᠷᠢᠮ ᠤᠨ ᠶᠡᠷᠦᠩᠬᠡᠶ ᠠᠩᠭᠢ ᠶᠢᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠶᠢ | ᠪᠠᠲᠤᠯᠠᠪᠠ᠃ 2023 ᠣᠨ ᠤ 11 ᠰᠠᠷ᠎ᠠ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠳ ᠤᠨ ᠰᠠᠨᠠᠯ ᠰᠠᠨᠠᠭᠤᠯᠭ᠎ᠠ ᠶᠢ ᠲᠤᠰ | ᠲᠤᠰ 2023 ᠣᠨ ᠤ 12 ᠰᠠᠷ᠎ᠠ ᠳᠤ ᠬᠢᠨᠠᠨ ᠵᠥᠪᠯᠡᠵᠦ ᠪᠠᠲᠤᠯᠠᠭᠠᠳ᠂ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠭᠠᠷ ᠤᠨ ᠥᠰᠥᠭ ᠵᠢᠷᠤᠭᠰᠠᠨ ᠤ | ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠭᠤᠷᠪᠠ᠂ ᠭᠤᠣᠯ ᠠᠭᠤᠯᠭ᠎ᠠ | ︽ᠱᠠᠩᠨᠠᠨ ᠬᠥᠬᠢᠭᠦᠯᠬᠦ ᠠᠷᠭ᠎ᠠ︾ ᠨᠢ ᠨᠡᠶᠢᠲᠡ 19 ᠵᠦᠢᠯ ᠲᠠᠢ᠃ ᠱᠠᠩᠨᠠᠬᠤ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠱᠠᠩᠨᠠᠬᠤ ᠪᠠᠶᠢᠳᠠᠯ᠂ ᠱᠠᠩᠨᠠᠬᠤ | ᠬᠤᠪᠢᠶᠠᠷᠢᠯᠠᠯᠲᠠ᠂ ᠱᠠᠩᠨᠠᠬᠤ ᠶᠢ ᠬᠢᠨᠠᠨ ᠵᠥᠪᠰᠢᠶᠡᠷᠡᠬᠦ᠂ ᠱᠠᠩᠨᠠᠯ ᠤᠨ ᠮᠥᠩᠭᠦ ᠠᠪᠬᠤ᠂ ᠬᠠᠤᠯᠢ ᠴᠠᠭᠠᠵᠠ ᠶᠢᠨ ᠦᠷ᠎ᠡ ᠤᠷᠰᠢᠭ ᠵᠡᠷᠭᠡ ᠲᠠᠯ᠎ᠠ ᠪᠠᠷ ᠲᠤᠰ ᠲᠤᠰ | ᠲᠣᠳᠣᠷᠬᠠᠶ ᠲᠣᠭᠲᠠᠭᠠᠯ ᠭᠠᠷᠭᠠᠪᠠ᠃ ᠨᠢᠭᠡ ᠳᠤ ᠱᠠᠩᠨᠠᠨ ᠬᠥᠬᠢᠭᠦᠯᠬᠦ ᠡᠲᠡᠭᠡᠳ ᠪᠣᠯ ᠬᠡᠷᠡᠭ ᠢ ᠠᠮᠵᠢᠯᠲᠠ ᠲᠠᠢ ᠪᠠᠷ ᠢᠯᠡᠷᠡᠭᠦᠯᠬᠦ ᠳᠤ ᠢᠯᠡᠴᠢᠯᠡᠨ ᠮᠡᠳᠡᠭᠦᠯᠬᠦ | ᠪᠦᠲᠦᠮᠵᠢᠲᠡᠶ ᠰᠦᠪᠡᠭᠴᠢ ᠬᠠᠩᠭᠠᠭᠰᠠᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠣᠯᠬᠤ ᠶᠢ ᠲᠣᠳᠣᠷᠬᠠᠶᠢᠯᠠᠪᠠ᠃ | ᠬᠤᠶᠠᠷ ᠲᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠡᠷᠡᠭᠯᠡᠬᠦ ᠨᠥᠬᠦᠴᠡᠯ ᠢ ᠪᠣᠳᠠᠲᠠᠶ ᠪᠠᠷ ᠵᠢᠭᠰᠠᠭᠠᠪᠠ᠃ ᠭᠤᠷᠪᠠ ᠳᠤ ᠢᠯᠡᠴᠢᠯᠡᠨ ᠮᠡᠳᠡᠭᠦᠯᠦᠭᠰᠡᠨ 14 | ᠵᠦᠢᠯ ᠤᠨ ᠰᠦᠪᠡᠭᠴᠢ ᠶᠢᠨ ᠲᠥᠷᠥᠯ ᠵᠦᠢᠯ ᠢ ᠬᠤᠷᠢᠶᠠᠩᠭᠤᠶᠢᠯᠠᠵᠠᠶ᠃ ᠳᠥᠷᠪᠡ ᠳᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠠᠷᠢᠰᠬᠠᠵᠤ᠂ ᠢᠯᠡᠴᠢᠯᠡᠨ ᠮᠡᠳᠡᠭᠦᠯᠬᠦ | ᠠᠷᠭ᠎ᠠ ᠮᠠᠶ᠋ᠢᠭ ᠢ ᠲᠣᠳᠣᠷᠬᠠᠶᠢᠯᠠᠵᠤ᠂ ᠠᠳᠠᠯᠢ ᠪᠤᠰᠤ ᠪᠠᠶᠢᠳᠠᠯ ᠤᠨ ᠳᠣᠣᠷ᠎ᠠ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠬᠤᠪᠢᠶᠠᠷᠢᠯᠠᠯᠲᠠ ᠶᠢᠨ ᠠᠷᠭ᠎ᠠ ᠶᠢ | ᠲᠣᠭᠲᠠᠭᠠᠵᠠᠶ᠃ ᠲᠠᠪᠤ ᠳᠤ ᠱᠠᠩᠨᠠᠨ ᠬᠥᠬᠢᠭᠦᠯᠬᠦ ᠪᠠᠷᠢᠮᠵᠢᠶ᠎ᠠ ᠶᠢ ᠲᠣᠭᠲᠠᠭᠠᠭᠰᠠᠨ ᠪᠠ ᠱᠠᠩᠨᠠᠨ ᠬᠥᠬᠢᠭᠦᠯᠬᠦ ᠳᠤ ᠦᠯᠦ ᠲᠤᠬᠢᠷᠠᠬᠤ ᠪᠠᠶᠢᠳᠠᠯ ᠢ ᠲᠣᠭᠲᠠᠭᠠᠵᠠᠶ᠃ | ᠵᠢᠷᠭᠤᠭ᠎ᠠ ᠳᠤ ᠱᠠᠩᠨᠠᠨ ᠬᠥᠬᠢᠭᠦᠯᠬᠦ ᠶᠢ ᠬᠢᠨᠠᠨ ᠵᠥᠪᠰᠢᠶᠡᠷᠡᠬᠦ᠂ ᠱᠠᠩᠨᠠᠯ ᠤᠨ ᠮᠥᠩᠭᠦ ᠠᠪᠬᠤ ᠵᠡᠷᠭᠡ ᠵᠢᠷᠤᠮ ᠤᠨ ᠴᠢᠨᠠᠷᠲᠠᠶ ᠵᠦᠢᠯᠡᠰ ᠢ ᠲᠣᠭᠲᠠᠭᠠᠵᠠᠶ᠃ | ᠲᠤᠯᠤᠭ᠎ᠠ ᠳᠤ ︽ᠱᠠᠩᠨᠠᠨ ᠬᠥᠬᠢᠭᠦᠯᠬᠦ ᠠᠷᠭ᠎ᠠ︾ ᠶᠢ ᠬᠡᠷᠡᠭᠵᠢᠭᠦᠯᠬᠦ ᠴᠠᠭ ᠢ ᠲᠣᠭᠲᠠᠭᠠᠪᠠ᠃ | |