ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠲᠣᠯᠤᠭ᠎ᠠ︶
ᠨᠡᠶᠢᠲᠡᠯᠡᠭᠰᠡᠨ ᠴᠠᠭ᠄
2024/4/25
      ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶       ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠨᠠᠶᠠᠨ ᠳᠣᠯᠣᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠪᠣᠳᠠᠲᠤ ᠬᠡᠷᠡᠭ ᠪᠠ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠬᠦ ᠬᠡᠷᠡᠭᠲᠡᠶ᠃ ᠤᠢᠢᠯᠠ ᠪᠠᠶᠢᠳᠠᠯ ᠨᠢ ᠬᠦᠩᠭᠡᠠ ᠪᠠᠶᠢᠵᠤ᠂ ᠵᠡᠮ ᠨᠡᠪᠲᠡᠷᠡᠯᠭᠡ ᠶᠢ ᠨᠥᠯᠥᠭᠡᠯᠡᠭᠰᠡᠨ ᠤᠢᠭᠡᠢ ᠪᠠᠶᠢᠪᠠᠯ᠂ ᠬᠠᠤᠯᠢ ᠠᠴᠠ ᠵᠥᠷᠢᠴᠡᠭᠰᠡᠨ ᠤᠢᠢᠯᠠ ᠠᠵᠢᠯᠯᠠᠭ᠎ᠠ ᠶᠢ ᠨᠢ ᠵᠢᠭᠠᠨ ᠭᠠᠷᠭᠠᠵᠤ᠂ ᠠᠮᠠ ᠪᠠᠷ ᠰᠡᠷᠡᠮᠵᠢ ᠥᠭᠭᠦᠭᠰᠡᠨ ᠤ ᠲᠡᠷᠠᠭ᠎ᠠ ᠲᠠᠯᠪᠢᠵᠤ ᠶᠠᠪᠤᠭᠤᠯᠤᠨ᠎ᠠ᠃    ᠨᠠᠶᠠᠨ ᠨᠠᠢᠮᠠᠳᠤᠭᠠᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠬᠦ ᠳᠦᠷᠦᠯ ᠵᠦᠢᠯ ᠳᠤ᠄ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭᠠᠬᠤ᠂ ᠳᠦᠷ ᠬᠤᠷᠢᠬᠤ ᠵᠡᠷᠭᠡ ᠪᠠᠭᠲᠠᠨ᠎ᠠ᠃    ᠨᠠᠶᠠ ᠶᠢᠰᠦᠳᠦᠭᠡᠷ ᠵᠦᠢᠯ ᠵᠠᠪᠠᠭᠠᠨ ᠬᠥᠮᠦᠨ᠂ ᠲᠡᠷᠭᠡᠨ ᠳᠤ ᠰᠠᠭᠤᠭᠴᠢ᠂ ᠮᠠᠰᠢᠨᠲᠤ ᠪᠤᠰᠤ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠵᠠᠮ ᠨᠡᠪᠲᠡᠷᠡᠯᠭᠡ ᠶᠢᠨ ᠲᠤᠬᠠᠶ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠣᠩᠭᠤᠳᠬᠤ ᠪᠤᠶᠤ ᠲᠠᠪᠤᠨ ᠲᠥᠭᠦᠷᠢᠭ ᠠᠴᠠ ᠳᠡᠭᠡᠭᠰᠢ ᠲᠠᠪᠢᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠮᠠᠰᠢᠨᠲᠤ ᠪᠤᠰᠤ ᠲᠡᠷᠭᠡᠨ ᠤ ᠵᠢᠯᠣᠭᠤᠴᠢ ᠵᠣᠭᠤᠰ ᠢᠶᠠᠷ ᠲᠣᠷᠭᠠᠬᠤ ᠰᠢᠢᠳᠭᠡᠯ ᠢ ᠲᠡᠪᠴᠢᠬᠦ ᠳᠤ ᠬᠦᠷᠪᠡᠯ᠂ ᠮᠠᠰᠢᠨᠲᠤ ᠪᠤᠰᠤ ᠲᠡᠷᠭᠡ ᠶᠢ ᠨᠢ ᠦᠯᠡᠳᠡᠭᠡᠨ ᠠᠪᠴᠤ ᠪᠣᠯᠤᠨ᠎ᠠ᠃    ᠶᠡᠷᠡᠳᠦᠭᠡᠷ ᠵᠦᠢᠯ ᠮᠠᠰᠢᠨᠲᠤ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠵᠠᠮ ᠨᠡᠪᠲᠡᠷᠡᠯᠭᠡ ᠶᠢᠨ ᠲᠤᠬᠠᠶ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠡᠷᠡᠮᠵᠢ ᠥᠭᠬᠦ ᠪᠤᠶᠤ ᠬᠤᠷᠢᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ ᠲᠤᠰ ᠬᠠᠤᠯᠢ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠶᠣᠰᠣᠭᠠᠷ ᠰᠢᠢᠳᠭᠡᠨ᠎ᠡ᠃    ᠶᠡᠷᠡᠨ ᠨᠢᠭᠡᠳᠦᠭᠡᠷ ᠵᠦᠢᠯ ᠠᠷᠢᠬᠢ ᠤᠤᠭᠤᠭᠰᠠᠨ ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭᠰᠠᠨ ᠪᠠᠶᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠵᠢᠷᠭᠤᠭᠠᠨ ᠰᠠᠷ᠎ᠠ ᠳᠦᠷ ᠦᠯᠡᠳᠡᠭᠡᠵᠦ ᠠᠪᠬᠤ ᠪᠠᠷ ᠰᠢᠢᠳᠭᠡᠵᠦ᠂ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ ᠠᠷᠢᠬᠢ ᠤᠤᠭᠤᠭᠰᠠᠨ ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭᠠᠳ ᠰᠢᠢᠳᠭᠡᠭᠳᠡᠵᠦ᠂ ᠳᠠᠬᠢᠨᠲᠠ ᠠᠷᠢᠬᠢ ᠤᠤᠭᠤᠭᠰᠠᠨ ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭᠰᠠᠨ ᠪᠠᠶᠢᠪᠠᠯ᠂ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠵᠦ᠂ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    ᠰᠣᠭᠲᠣᠭᠤ ᠪᠠᠷ ᠮᠠᠰᠢᠨᠲᠤ ᠲᠡᠷᠭᠡ ᠵᠢᠯᠣᠭᠤᠳᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠢ ᠠᠷᠢᠬᠢ ᠨᠢ ᠰᠡᠷᠭᠦᠲᠡᠯ᠎ᠡ ᠬᠢᠵᠠᠭᠠᠷᠯᠠᠵᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠲᠠᠪᠤᠨ ᠵᠢᠯ ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠠᠬᠢᠵᠤ ᠣᠯᠭᠤᠵᠤ ᠪᠣᠯᠬᠤ ᠦᠭᠡᠢ᠃    ᠠᠷᠢᠬᠢ ᠤᠤᠭᠤᠭᠰᠠᠨ ᠤ ᠳᠠᠷᠠᠭ᠎ᠠ ᠲᠡᠭᠡᠭᠡᠪᠦᠷᠢ ᠡᠵᠡᠩᠨᠡᠯᠲᠡ ᠶᠢᠨ ᠮᠠᠰᠢᠨᠲᠤ ᠲᠡᠷᠭᠡ ᠵᠢᠯᠣᠭᠤᠳᠤᠭᠰᠠᠨ ᠪᠠᠶᠢᠪᠠᠯ᠂ ᠠᠷᠪᠠᠨ ᠲᠠᠪᠤᠨ ᠡᠳᠦᠷ ᠲᠦᠷ ᠬᠤᠷᠢᠬᠤ ᠪᠠᠷ ᠰᠢᠢᠳᠭᠡᠵᠦ᠂ ᠲᠠᠪᠤᠨ ᠮᠢᠩᠭᠠᠨ ᠲᠥᠭᠦᠷᠢᠭ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠂ ᠲᠠᠪᠤᠨ ᠵᠢᠯ ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠠᠬᠢᠵᠤ ᠣᠯᠭᠤᠵᠤ ᠪᠣᠯᠬᠤ ᠦᠭᠡᠢ᠃    ᠰᠣᠭᠲᠣᠭᠤ ᠪᠠᠷ ᠲᠡᠭᠡᠭᠡᠪᠦᠷᠢ ᠡᠵᠡᠩᠨᠡᠯᠲᠡ ᠶᠢᠨ ᠮᠠᠰᠢᠨᠲᠤ ᠲᠡᠷᠭᠡ ᠵᠢᠯᠣᠭᠤᠳᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠢ ᠠᠷᠢᠬᠢ ᠨᠢ ᠰᠡᠷᠭᠦᠲᠡᠯ᠎ᠡ ᠬᠢᠵᠠᠭᠠᠷᠯᠠᠵᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠷᠪᠠᠨ ᠵᠢᠯ ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠠᠬᠢᠵᠤ ᠣᠯᠭᠤᠵᠤ ᠪᠣᠯᠬᠤ ᠦᠭᠡᠢ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠠᠬᠢᠵᠤ ᠣᠯᠤᠭᠰᠠᠨ ᠤ ᠳᠠᠷᠠᠭ᠎ᠠ ᠲᠡᠭᠡᠭᠡᠪᠦᠷᠢ ᠡᠵᠡᠩᠨᠡᠯᠲᠡ ᠶᠢᠨ ᠮᠠᠰᠢᠨᠲᠤ ᠲᠡᠷᠭᠡ ᠶᠢ ᠵᠢᠯᠣᠭᠤᠳᠴᠤ ᠪᠣᠯᠬᠤ ᠦᠭᠡᠢ᠃    ᠠᠷᠢᠬᠢ ᠤᠤᠭᠤᠭᠰᠠᠨ ᠤ ᠳᠠᠷᠠᠭ᠎ᠠ ᠪᠤᠶᠤ ᠰᠣᠭᠲᠣᠭᠤ ᠪᠠᠷ ᠮᠠᠰᠢᠨᠲᠤ ᠲᠡᠷᠭᠡ ᠵᠢᠯᠣᠭᠤᠳᠤᠭᠠᠳ ᠬᠦᠨᠳᠦ ᠶᠡᠭᠡ ᠵᠠᠮ ᠬᠠᠷᠢᠯᠴᠠᠭᠠᠨ ᠤ ᠭᠡᠨᠡᠳᠡᠯ ᠭᠠᠷᠭᠠᠵᠤ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠂ ᠨᠠᠰᠤᠨ ᠲᠤᠷᠰᠢᠳᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠲᠠᠬᠢᠵᠤ ᠣᠯᠭᠤᠵᠤ ᠪᠣᠯᠬᠤ ᠦᠭᠡᠢ᠃    ᠶᠡᠷᠡᠨ ᠬᠤᠶᠠᠳᠤᠭᠠᠷ ᠵᠦᠢᠯ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠭᠡᠭᠡᠪᠦᠷᠢᠯᠡᠭᠰᠡᠨ ᠠᠶᠠᠨᠴᠢᠳ ᠨᠢ ᠲᠣᠭᠲᠠᠭᠠᠭᠰᠠᠨ ᠠᠶᠠᠨᠴᠢᠳ ᠤᠨ ᠲᠤᠭ᠎ᠠ ᠠᠴᠠ ᠬᠡᠲᠦᠷᠡᠭᠰᠡᠨ ᠪᠠᠶᠢᠪᠠᠯ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠲᠣᠭᠲᠠᠭᠠᠭᠰᠠᠨ ᠠᠶᠠᠨᠴᠢᠳ ᠤᠨ ᠲᠤᠭ᠎ᠠ ᠠᠴᠠ ᠵᠠᠭᠤᠨ ᠤ ᠬᠤᠷᠢ ᠪᠠᠷ ᠬᠡᠲᠦᠷᠡᠭᠰᠡᠨ ᠪᠤᠶᠤ ᠲᠣᠭᠲᠠᠭᠠᠯ ᠢ ᠵᠥᠷᠢᠴᠡᠵᠦ ᠪᠠᠷᠠᠭ᠎ᠠ ᠲᠡᠭᠡᠭᠡᠪᠦᠷᠢᠯᠡᠭᠰᠡᠨ ᠪᠠᠶᠢᠪᠠᠯ᠂ ᠲᠠᠪᠤᠨ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃    ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠠᠴᠠ ᠬᠡᠲᠦᠷᠡᠭᠰᠡᠨ ᠪᠠᠶᠢᠪᠠᠯ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠠᠴᠠ ᠵᠠᠭᠤᠨ ᠤ ᠭᠤᠴᠢ ᠪᠠᠷ ᠬᠡᠲᠦᠷᠡᠭᠰᠡᠨ ᠪᠤᠶᠤ ᠲᠣᠭᠲᠠᠭᠠᠯ ᠢ ᠵᠥᠷᠢᠴᠡᠨ ᠠᠶᠠᠨᠴᠢᠨ ᠢ ᠲᠡᠭᠡᠭᠡᠪᠦᠷᠢᠯᠡᠭᠰᠡᠨ ᠪᠠᠶᠢᠪᠠᠯ᠂ ᠲᠠᠪᠤᠨ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃   ᠡᠮᠦᠨᠡᠬᠢ ᠬᠤᠶᠠᠷ ᠪᠠᠳᠠᠭ ᠲᠤ ᠳᠤᠷᠠᠳᠤᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠪᠠᠶᠢᠳᠠᠯ ᠠᠷᠢᠯᠲᠠᠯ᠎ᠠ ᠮᠠᠰᠢᠨᠲᠤ ᠲᠡᠷᠭᠡ ᠶᠢ ᠨᠢ ᠦᠯᠡᠳᠡᠭᠡᠨ ᠠᠪᠤᠨ᠎ᠠ᠃    ᠲᠡᠭᠡᠭᠡᠪᠦᠷᠢ ᠶᠢᠨ ᠨᠢᠭᠡᠴᠢ ᠶᠢᠨ ᠲᠡᠷᠭᠡ ᠤᠨᠤᠭ᠎ᠠ ᠳᠤ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠲᠤ ᠲᠣᠭᠲᠠᠭᠠᠭᠰᠠᠨ ᠪᠠᠶᠢᠳᠠᠯ ᠲᠠᠢ ᠪᠠᠶᠢᠵᠤ᠂ ᠰᠢᠢᠳᠭᠡᠭᠳᠡᠭᠰᠡᠨ ᠪᠠᠶᠢᠲᠠᠯ᠎ᠠ ᠵᠠᠰᠠᠷᠠᠬᠤ ᠦᠭᠡᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠢ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃   ᠶᠡᠷᠡᠨ ᠭᠤᠷᠪᠠᠳᠤᠭᠠᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠮᠠᠰᠢᠨᠲᠤ ᠲᠡᠷᠭᠡ ᠵᠣᠭᠰᠣᠭᠠᠬᠤ᠂ ᠳᠦᠷ ᠲᠡᠷᠭᠡ ᠵᠣᠭᠰᠣᠭᠠᠬᠤ ᠲᠤᠬᠠᠶ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠢᠭᠠᠨ ᠭᠠᠷᠭᠠᠵᠤ ᠪᠣᠯᠬᠤ ᠪᠥᠭᠡᠳ ᠠᠮᠠ ᠪᠠᠷ ᠰᠡᠷᠡᠮᠵᠢ ᠥᠭᠴᠦ᠂ ᠲᠡᠭᠦᠨ ᠢ ᠲᠡᠷᠡ ᠳᠠᠷᠤᠶ ᠳᠤ ᠨᠢ ᠵᠠᠶᠢᠯᠠᠭᠤᠯᠬᠤ ᠪᠠᠷ ᠵᠠᠷᠯᠢᠭᠳᠠᠵᠤ ᠪᠣᠯᠤᠨ᠎ᠠ᠃    ᠮᠠᠰᠢᠨᠲᠤ ᠲᠡᠷᠭᠡᠨ ᠤ ᠵᠢᠯᠣᠭᠤᠴᠢ ᠬᠡᠷᠡᠭ ᠤᠨ ᠳᠠᠯᠠᠪᠠᠢ ᠳᠤ ᠪᠠᠶᠢᠬᠤ ᠦᠬᠡᠢ ᠪᠤᠶᠤ ᠬᠡᠷᠡᠭ ᠤᠨ ᠳᠠᠯᠠᠪᠠᠢ ᠳᠤ ᠪᠠᠶᠢᠪᠠᠴᠤ ᠲᠡᠷᠡ ᠳᠠᠷᠤᠶ ᠳᠤ ᠨᠢ ᠰᠠᠯᠵᠤ ᠶᠠᠪᠤᠬᠤ ᠶᠢ ᠲᠡᠪᠴᠢᠵᠦ᠂ ᠪᠤᠰᠤᠳ ᠲᠡᠷᠭᠡ ᠬᠥᠰᠬᠡ᠂ ᠶᠠᠪᠠᠭᠠᠨ ᠬᠥᠮᠦᠨ ᠤ ᠨᠡᠪᠲᠡᠷᠡᠬᠦ ᠶᠢ ᠬᠠᠷᠰᠢᠯᠠᠭᠰᠠᠨ ᠪᠠᠶᠢᠪᠠᠯ᠂ ᠬᠤᠷᠢᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠬᠦ ᠪᠥᠭᠡᠳ ᠳᠤᠰ ᠮᠠᠰᠢᠨᠲᠤ ᠲᠡᠷᠭᠡ ᠶᠢ ᠵᠠᠮ ᠬᠠᠷᠢᠯᠴᠠᠭ᠎ᠠ ᠶᠢ ᠦᠯᠦ ᠬᠠᠷᠰᠢᠯᠠᠬᠤ ᠭᠠᠵᠠᠷ ᠲᠤ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠭᠠᠵᠠᠷ ᠲᠤ ᠴᠢᠷᠴᠦ ᠰᠢᠯᠵᠢᠭᠦᠯᠦᠨ ᠲᠠᠯᠪᠢᠵᠤ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠷᠭᠡ ᠴᠢᠷᠬᠦ ᠳᠤ ᠪᠠᠨ ᠲᠤᠬᠠᠶ ᠶᠢᠨ ᠬᠥᠮᠦᠨ ᠠᠴᠠ ᠰᠦᠢᠳᠬᠡᠯ ᠬᠤᠷᠢᠶᠠᠵᠤ ᠪᠣᠯᠬᠤ ᠦᠭᠡᠢ ᠪᠥᠭᠡᠳ ᠲᠡᠷᠭᠡ ᠲᠠᠯᠪᠢᠬᠤ ᠭᠠᠵᠠᠷ ᠢ ᠲᠤᠬᠠᠶ ᠶᠢᠨ ᠬᠥᠮᠦᠨ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃    ᠵᠥᠪ ᠪᠤᠰᠤ ᠠᠷᠭ᠎ᠠ ᠪᠠᠷ ᠲᠡᠷᠭᠡ ᠴᠢᠷᠦᠭᠰᠡᠨ ᠠᠴᠠ ᠪᠤᠯᠵᠤ ᠮᠠᠰᠢᠨᠲᠤ ᠲᠡᠷᠭᠡ ᠶᠢ ᠡᠪᠳᠡᠵᠦ ᠰᠦᠢᠳᠬᠡᠭᠰᠡᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃    ᠶᠡᠷᠡᠨ ᠳᠥᠷᠪᠡᠳᠦᠭᠡᠷ ᠵᠦᠢᠯ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠪᠠᠶᠢᠭᠤᠯᠤᠮᠵᠢ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠳᠤ ᠪᠠᠨ ᠳᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠭᠰᠠᠨ ᠪᠠᠶᠢᠪᠠᠯ᠂ ᠢᠯᠡᠭᠦᠦ ᠬᠤᠷᠢᠶᠠᠭᠰᠠᠨ ᠰᠦᠢᠳᠬᠡᠯ ᠢ ᠨᠢ ᠪᠤᠴᠠᠭᠠᠵᠤ ᠥᠭᠬᠦ ᠪᠥᠭᠡᠳ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃    ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠪᠠᠶᠢᠭᠤᠯᠤᠮᠵᠢ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠪᠠᠷᠢᠮᠵᠢᠶ᠎ᠠ ᠶᠣᠰᠣᠭᠠᠷ ᠰᠢᠯᠭᠠᠨ ᠪᠠᠶᠢᠴᠠᠭᠠᠯᠲᠠ ᠬᠢᠭᠰᠡᠨ ᠦᠭᠡᠢ ᠪᠠᠷ ᠬᠤᠳᠠᠯ ᠬᠠᠭᠤᠷᠮᠠᠭ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠭᠠᠷᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠭᠰᠠᠨ ᠰᠢᠯᠭᠠᠨ ᠪᠠᠶᠢᠴᠠᠭᠠᠯᠲᠠ ᠶᠢᠨ ᠵᠠᠷᠤᠳᠠᠯ ᠤᠨ ᠬᠢᠨᠢ ᠲᠠᠪᠤᠨ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠬᠦ ᠪᠥᠭᠡᠳ ᠰᠢᠯᠭᠠᠨ ᠪᠠᠶᠢᠴᠠᠭᠠᠬᠤ ᠬᠢᠷᠢ ᠬᠡᠮ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠶᠡᠷᠡᠨ ᠲᠠᠪᠤᠳᠤᠭᠠᠷ ᠵᠦᠢᠯ ᠵᠠᠮ ᠳᠤ ᠭᠠᠷᠴᠤ ᠶᠠᠪᠤᠬᠤ ᠮᠠᠰᠢᠨᠲᠤ ᠲᠡᠷᠭᠡᠨ ᠳᠤ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠡᠯᠭᠦᠭᠰᠡᠨ ᠦᠭᠡᠶ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠲᠠᠯᠪᠢᠭᠰᠠᠨ ᠦᠬᠡᠢ ᠪᠤᠶᠤ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠭᠰᠠᠨ ᠦᠬᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨᠲᠤ ᠲᠡᠷᠭᠡ ᠶᠢ ᠨᠢ ᠦᠯᠡᠳᠡᠭᠡᠨ ᠠᠪᠴᠤ᠂ ᠵᠣᠬᠢᠴᠠᠩᠭᠤᠶ ᠫᠠᠶᠢᠰᠠ ᠦᠨᠡᠮᠯᠡᠯ᠂ ᠢᠯᠡᠳᠬᠡᠮᠵᠢ ᠳᠡᠮᠳᠡᠭ ᠬᠠᠩᠭᠠᠯᠭᠠᠬᠤ ᠪᠤᠶᠤ ᠵᠣᠬᠢᠴᠠᠩᠭᠤᠶ ᠭᠠᠷ ᠭᠦᠢᠴᠡᠳᠬᠡᠯ ᠨᠥᠬᠦᠪᠥᠷᠢᠯᠡᠨ ᠬᠢᠯᠭᠡᠬᠦ ᠪᠠᠷ ᠲᠤᠬᠠᠶ ᠶᠢᠨ ᠬᠥᠮᠦᠨ ᠳᠤ ᠮᠡᠳᠡᠭᠳᠡᠬᠦ ᠬᠡᠷᠡᠭᠲᠡᠶ ᠪᠥᠭᠡᠳ ᠳᠤᠰ ᠬᠠᠤᠯᠢ ᠶᠢᠨ ᠶᠡᠷᠡᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠭᠡᠵᠦ ᠪᠣᠯᠤᠨ᠎ᠠ᠃ ᠲᠤᠬᠠᠶ ᠶᠢᠨ ᠬᠥᠮᠦᠨ ᠵᠣᠬᠢᠴᠠᠩᠭᠤᠶ ᠫᠠᠶᠢᠰᠠ ᠦᠨᠡᠮᠯᠡᠯ᠂ ᠢᠯᠡᠳᠬᠡᠮᠵᠢ ᠳᠡᠮᠳᠡᠭ ᠬᠠᠩᠭᠠᠭᠰᠠᠨ ᠪᠤᠶᠤ ᠵᠣᠬᠢᠴᠠᠩᠭᠤᠶ ᠭᠠᠷ ᠭᠦᠢᠴᠡᠳᠬᠡᠯ ᠨᠥᠬᠦᠪᠥᠷᠢᠯᠡᠨ ᠬᠢᠭᠰᠡᠨ ᠪᠠᠶᠢᠪᠠᠯ᠂ ᠮᠠᠰᠢᠨᠲᠤ ᠲᠡᠷᠭᠡ ᠶᠢ ᠨᠢ ᠴᠠᠭ ᠲᠤᠬᠠᠶ ᠳᠤ ᠨᠢ ᠪᠤᠴᠠᠭᠠᠵᠤ ᠥᠭᠬᠦ ᠬᠡᠷᠡᠭᠲᠡᠶ᠃    ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠶᠢ ᠵᠣᠷᠢᠭᠤᠳᠠ ᠬᠠᠯᠬᠠᠯᠠᠵᠤ᠂ ᠭᠬᠢᠷᠲᠦᠭᠦᠯᠦᠨ ᠰᠦᠢᠳᠬᠡᠭᠰᠡᠨ ᠪᠤᠶᠤ ᠲᠣᠭᠲᠠᠭᠠᠯ ᠶᠣᠰᠣᠭᠠᠷ ᠲᠠᠭᠠᠷᠠᠭᠤᠯᠤᠭᠰᠠᠨ ᠦᠬᠡᠢ ᠪᠠᠶᠢᠪᠠᠯ᠂ ᠳᠤᠰ ᠬᠠᠤᠯᠢ ᠶᠢᠨ ᠶᠡᠷᠡᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠭᠡᠨ᠎ᠡ᠃    ᠶᠡᠷᠡᠨ ᠵᠢᠷᠭᠤᠳᠤᠭᠠᠷ ᠵᠦᠢᠯ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ ᠢ ᠬᠡᠷᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠨ ᠠᠪᠴᠤ᠂ ᠲᠤᠰ ᠮᠠᠰᠢᠨᠲᠤ ᠲᠡᠷᠭᠡ ᠶᠢ ᠦᠯᠡᠳᠡᠭᠡᠨ ᠠᠪᠴᠤ᠂ ᠠᠷᠪᠠᠨ ᠲᠠᠪᠤᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠵᠦ᠂ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠢ ᠬᠡᠷᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠨ ᠠᠪᠴᠤ᠂ ᠲᠤᠰ ᠮᠠᠰᠢᠨᠲᠤ ᠲᠡᠷᠭᠡ ᠶᠢ ᠦᠯᠡᠳᠡᠭᠡᠨ ᠠᠪᠴᠤ᠂ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠵᠦ᠂ ᠮᠢᠩᠭᠠᠨ ᠲᠥᠭᠦᠷᠢᠭ ᠠᠴᠠ ᠳᠡᠭᠡᠭᠰᠢ ᠭᠤᠷᠪᠠᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠪᠤᠰᠤᠳ ᠲᠡᠷᠭᠡ ᠶᠢᠨ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠢ ᠬᠡᠷᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠨ ᠠᠪᠴᠤ᠂ ᠳᠤᠰ ᠮᠠᠰᠢᠨᠲᠤ ᠲᠡᠷᠭᠡ ᠶᠢ ᠦᠯᠡᠳᠡᠭᠡᠨ ᠠᠪᠴᠤ᠂ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃    ᠲᠤᠬᠠᠶ ᠶᠢᠨ ᠬᠥᠮᠦᠨ ᠨᠢ ᠵᠣᠬᠢᠴᠠᠩᠭᠤᠶ ᠬᠠᠤᠯᠢ ᠶᠣᠰᠣᠨ ᠤ ᠭᠡᠷᠡᠴᠢ ᠪᠢᠴᠢᠭ ᠬᠠᠩᠭᠠᠭᠰᠠᠨ ᠪᠤᠶᠤ ᠵᠣᠬᠢᠴᠠᠩᠭᠤᠶ ᠭᠠᠷ ᠭᠦᠢᠴᠡᠳᠬᠡᠯ ᠢ ᠨᠥᠬᠦᠪᠥᠷᠢᠯᠡᠨ ᠬᠢᠭᠰᠡᠨ ᠪᠠᠶᠢᠪᠠᠯ᠂ ᠮᠠᠰᠢᠨᠲᠤ ᠲᠡᠷᠭᠡ ᠶᠢ ᠨᠢ ᠴᠠᠭ ᠲᠤᠬᠠᠶ ᠳᠤ ᠨᠢ ᠪᠤᠴᠠᠭᠠᠵᠤ ᠥᠭᠬᠦ ᠬᠡᠷᠡᠭᠲᠡᠶ᠃    ᠶᠡᠷᠡᠨ ᠳᠣᠯᠣᠳᠤᠭᠠᠷ ᠵᠦᠢᠯ ᠰᠡᠷᠡᠮᠵᠢ ᠶᠢᠨ ᠳᠤᠬᠢᠶᠠᠨ ᠤ ᠡᠭᠦᠰᠬᠡᠭᠦᠷ᠂ ᠢᠯᠡᠳᠬᠡᠮᠵᠢ ᠳᠡᠮᠳᠡᠭ ᠤᠨ ᠳ᠋ᠧᠩ ᠤᠨ ᠵᠦᠢᠯ ᠢ ᠬᠠᠤᠯᠢ ᠪᠤᠰᠤ ᠪᠠᠷ ᠤᠭᠰᠠᠷᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠯᠪᠠᠳᠠᠯᠭ᠎ᠠ ᠪᠠᠷ ᠰᠠᠯᠭᠠᠨ ᠠᠷᠢᠯᠭᠠᠭᠠᠳ᠂ ᠬᠤᠷᠢᠶᠠᠨ ᠠᠪᠴᠤ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃    ᠶᠡᠷᠡᠨ ᠨᠠᠢᠮᠠᠳᠤᠭᠠᠷ ᠵᠦᠢᠯ ᠮᠠᠰᠢᠨᠲᠤ ᠲᠡᠷᠭᠡ ᠶᠢᠨ ᠥᠮᠴᠢᠯᠡᠭᠴᠢ᠂ ᠬᠠᠮᠢᠶᠠᠷᠤᠭᠴᠢ ᠨᠢ ᠤᠯᠤᠰ ᠤᠨ ᠲᠣᠭᠲᠠᠭᠠᠯ ᠶᠣᠰᠣᠭᠠᠷ ᠮᠠᠰᠢᠨᠲᠤ ᠲᠡᠷᠭᠡ ᠶᠢᠨ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠢ ᠳᠠᠭᠠᠳᠬᠠᠭᠤᠯᠤᠭᠰᠠᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠳᠠᠭᠠᠳᠬᠠᠭᠤᠯᠬᠤ ᠪᠣᠯᠲᠠᠯ᠎ᠠ ᠲᠡᠷᠭᠡ ᠶᠢ ᠨᠢ ᠦᠯᠡᠳᠡᠭᠡᠨ ᠠᠪᠬᠤ ᠶᠢᠨ ᠬᠠᠮᠲᠤ ᠲᠣᠭᠲᠠᠭᠠᠭᠰᠠᠨ ᠳᠠᠭᠠᠳᠬᠠᠭᠤᠯᠬᠤ ᠨᠠᠭᠠᠳᠤ ᠵᠠᠬ᠎ᠠ ᠶᠢᠨ ᠬᠠᠷᠢᠭᠤᠴᠠᠯᠭ᠎ᠠ ᠶᠢᠨ ᠬᠢᠵᠠᠭᠠᠷ ᠲᠤᠭ᠎ᠠ ᠶᠣᠰᠣᠭᠠᠷ ᠲᠤᠰᠢᠶᠠᠬᠤ ᠶᠣᠰᠣᠲᠠᠶ ᠳᠠᠭᠠᠳᠬᠠᠯ ᠤᠨ ᠵᠠᠷᠤᠳᠠᠯ ᠤᠨ ᠬᠢᠨᠢ ᠬᠤᠶᠠᠷ ᠳᠠᠬᠢᠨ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃    ᠡᠮᠦᠨᠡᠬᠢ ᠪᠠᠳᠠᠭ ᠤᠨ ᠶᠣᠰᠣᠭᠠᠷ ᠲᠤᠰᠢᠶᠠᠭᠰᠠᠨ ᠲᠣᠷᠭᠠᠭᠤᠯᠢ ᠶᠢᠨ ᠵᠣᠭᠤᠰ ᠢ ᠪᠥᠬᠦᠳᠡ ᠶᠢ ᠵᠠᠮ ᠬᠠᠷᠢᠯᠴᠠᠭᠠᠨ ᠤ ᠭᠡᠨᠡᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠳᠤ ᠣᠷᠣᠭᠤᠯᠤᠨ᠎ᠠ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃    ᠶᠡᠷᠡ ᠶᠢᠰᠦᠳᠦᠭᠡᠷ ᠵᠦᠢᠯ ᠲᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠄    ︵ᠨᠢᠭᠡ︶ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠤᠭᠰᠠᠨ ᠦᠭᠡᠢ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠪᠤᠶᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠳᠦᠷ ᠦᠯᠡᠳᠡᠭᠡᠵᠦ ᠠᠪᠤᠭᠰᠠᠨ ᠬᠤᠭᠤᠴᠠᠭᠠᠨ ᠳᠤ ᠮᠠᠰᠢᠨᠲᠤ ᠲᠡᠷᠭᠡ ᠵᠢᠯᠣᠭᠤᠳᠤᠭᠰᠠᠨ︔    ︵ᠬᠤᠶᠠᠷ︶ ᠮᠠᠰᠢᠨᠲᠤ ᠲᠡᠷᠭᠡ ᠪᠠᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠤᠭᠰᠠᠨ ᠦᠬᠡᠢ ᠪᠤᠶᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢᠶᠠᠨ ᠬᠤᠷᠢᠶᠠᠭᠳᠠᠨ ᠬᠦᠴᠦᠨ ᠦᠬᠡᠢ ᠪᠣᠯᠭᠠᠭᠳᠠᠭᠰᠠᠨ᠂ ᠳᠦᠷ ᠦᠯᠡᠳᠡᠭᠡᠵᠦ ᠠᠪᠤᠭᠰᠠᠨ ᠬᠥᠮᠦᠨ ᠳᠤ ᠥᠭᠴᠦ ᠵᠢᠯᠣᠭᠤᠳᠣᠭᠤᠯᠤᠭᠰᠠᠨ︔     ︵ᠭᠤᠷᠪᠠ︶ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠤ ᠲᠠᠷᠠᠭ᠎ᠠ ᠳᠤᠲᠠᠭᠠᠭᠰᠠᠨ ᠪᠣᠯᠪᠠᠴᠤ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ︔     ︵ᠲᠦᠷᠪᠡ︶ ᠮᠠᠰᠢᠨᠲᠤ ᠲᠡᠷᠭᠡ ᠨᠢ ᠲᠣᠭᠲᠠᠭᠠᠭᠰᠠᠨ ᠴᠠᠭ ᠤᠨ ᠬᠤᠷᠳᠤᠴᠠ ᠠᠴᠠ ᠵᠠᠭᠤᠨ ᠤ ᠲᠠᠪᠢ ᠪᠠᠷ ᠳᠠᠪᠠᠭᠰᠠᠨ︔     ︵ᠲᠠᠪᠤ︶ ᠮᠠᠰᠢᠨᠲᠤ ᠲᠡᠷᠭᠡᠨ ᠤ ᠵᠢᠯᠣᠭᠤᠴᠢ ᠶᠢ ᠠᠯᠪᠠᠳᠠᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠮᠠᠰᠢᠨᠲᠤ ᠲᠡᠷᠭᠡ ᠶᠢ ᠠᠶᠤᠯᠭᠦᠶ ᠪᠠᠷ ᠵᠢᠯᠣᠭᠤᠳᠬᠤ ᠱᠠᠭᠠᠷᠳᠠᠯᠭ᠎ᠠ ᠠᠴᠠ ᠵᠥᠷᠢᠴᠡᠭᠦᠯᠦᠨ ᠮᠠᠰᠢᠨᠲᠤ ᠲᠡᠷᠭᠡ ᠵᠢᠯᠣᠭᠤᠳᠣᠭᠤᠯᠵᠤ᠂ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠪᠣᠯᠪᠠᠴᠤ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠬᠡᠢ︔    ︵ᠵᠢᠷᠭᠤᠭ᠎ᠠ︶ ᠵᠡᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠨ ᠠᠯᠪᠠ ᠪᠠᠷ ᠶᠠᠪᠤᠭᠠᠳ ᠢᠳᠬᠠᠨ ᠬᠤᠷᠢᠭᠯᠠᠬᠤ ᠶᠢ ᠤᠢᠯᠦ ᠰᠣᠨᠣᠰᠤᠭᠰᠠᠨ︔    ︵ᠲᠤᠯᠤᠭ᠎ᠠ︶ ᠵᠡᠮ ᠬᠠᠷᠢᠯᠴᠠᠭᠠᠨ ᠤ ᠲᠥᠬᠦᠭᠡᠷᠦᠮᠵᠢ ᠶᠢ ᠵᠣᠷᠢᠭᠤᠳᠠ ᠡᠪᠳᠡᠵᠦ ᠰᠦᠢᠳᠬᠡᠭᠰᠡᠨ᠂ ᠰᠢᠯᠵᠢᠭᠦᠯᠦᠭᠰᠡᠨ᠂ ᠪᠠᠯᠠᠯᠤᠨ ᠥᠭᠡᠷᠡᠲᠦᠭᠦᠯᠦᠭᠡᠳ ᠬᠤᠣᠷ ᠬᠥᠨᠥᠭᠡᠯ ᠤᠴᠠᠷᠠᠭᠤᠯᠤᠭᠰᠠᠨ ᠪᠣᠯᠪᠠᠴᠤ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ︔    ︵ᠨᠠᠢᠮᠠ︶ ᠮᠠᠰᠢᠨ ᠲᠡᠷᠭᠡ ᠶᠢ ᠬᠠᠤᠯᠢ ᠪᠤᠰᠤ ᠪᠠᠷ ᠬᠠᠰᠢᠵᠤ᠂ ᠬᠤᠴᠣᠷᠭᠠᠨ ᠠᠪᠴᠤ᠂ ᠢᠳᠬᠠᠨ ᠬᠤᠷᠢᠭᠯᠠᠬᠤ ᠶᠢ ᠰᠣᠨᠣᠰᠬᠤ ᠤᠢᠭᠡᠢ ᠠᠴᠠ ᠪᠤᠯᠵᠦ ᠵᠡᠮ ᠬᠠᠷᠢᠯᠴᠠᠭ᠎ᠠ ᠶᠢ ᠬᠦᠨᠳᠦ ᠨᠣᠴᠢᠲᠠᠶ ᠪᠥᠭᠯᠡᠷᠡᠭᠦᠯᠦᠭᠰᠡᠨ ᠪᠤᠶᠤ ᠨᠡᠯᠢᠶᠡᠳ ᠶᠡᠭᠡ ᠡᠳ᠋ ᠬᠦᠷᠦᠩᠭᠡ ᠶᠢᠨ ᠬᠤᠬᠢᠷᠠᠯ ᠤᠴᠠᠷᠠᠭᠤᠯᠤᠭᠰᠠᠨ᠃    ᠦᠢᠯᠡ ᠠᠵᠢᠯᠯᠠᠭᠠᠳᠠᠨ ᠳᠤ ᠡᠮᠦᠨᠡᠬᠢ ᠪᠠᠳᠠᠭ ᠤᠨ ᠬᠤᠶᠠᠳᠤᠭᠠᠷ ᠵᠤᠷᠪᠤᠰ᠂ ᠳᠥᠷᠪᠡᠳᠦᠭᠡᠷ ᠵᠤᠷᠪᠤᠰ ᠤᠨ ᠪᠠᠶᠢᠳᠠᠯ ᠤᠨ ᠨᠢᠭᠡ ᠨᠢ ᠪᠠᠶᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠨᠢᠭᠡᠳᠦᠭᠡᠷ ᠵᠤᠷᠪᠤᠰ᠂ ᠭᠤᠷᠪᠠᠳᠤᠭᠠᠷ ᠵᠤᠷᠪᠤᠰ᠂ ᠲᠠᠪᠤᠳᠤᠭᠠᠷ ᠵᠤᠷᠪᠤᠰ ᠠᠴᠠ ᠨᠠᠢᠮᠠᠳᠤᠭᠠᠷ ᠵᠤᠷᠪᠤᠰ ᠬᠦᠷᠲᠡᠯᠡᠬᠢ ᠪᠠᠶᠢᠳᠠᠯ ᠤᠨ ᠨᠢᠭᠡ ᠨᠢ ᠪᠠᠶᠢᠪᠠᠯ᠂ ᠠᠷᠪᠠᠨ ᠲᠠᠪᠤᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ᠃    ᠵᠠᠭᠤᠳᠤᠭᠠᠷ ᠵᠦᠢᠯ ᠨᠡᠶᠢᠯᠡᠭᠦᠯᠵᠦ ᠤᠭᠰᠠᠷᠠᠭᠰᠠᠨ ᠮᠠᠰᠢᠨᠲᠤ ᠲᠡᠷᠭᠡ ᠪᠤᠶᠤ ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠨᠢᠭᠡᠨᠲᠡ ᠬᠦᠷᠦᠭᠰᠡᠨ ᠮᠠᠰᠢᠨᠲᠤ ᠲᠡᠷᠭᠡ ᠶᠢ ᠵᠢᠯᠣᠭᠤᠳᠴᠤ ᠵᠠᠮ ᠳᠤ ᠭᠠᠷᠴᠤ ᠶᠠᠪᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠨ ᠠᠪᠴᠤ᠂ ᠠᠯᠪᠠᠳᠠᠯᠭ᠎ᠠ ᠪᠠᠷ ᠬᠡᠷᠡᠭᠴᠡᠭᠡ ᠠᠴᠠ ᠭᠠᠷᠭᠠᠭᠤᠯᠬᠤ ᠬᠡᠷᠡᠭᠲᠡᠶ᠃    ᠡᠮᠦᠨᠡᠬᠢ ᠪᠠᠳᠠᠭ ᠲᠤ ᠵᠢᠭᠰᠠᠭᠠᠭᠰᠠᠨ ᠮᠠᠰᠢᠨᠲᠤ ᠲᠡᠷᠭᠡ ᠶᠢ ᠵᠢᠯᠣᠭᠤᠳᠴᠤ ᠵᠠᠮ ᠳᠤ ᠭᠠᠷᠴᠤ ᠶᠠᠪᠤᠭᠰᠠᠨ ᠵᠢᠯᠣᠭᠤᠴᠢ ᠶᠢ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠬᠦ ᠪᠥᠭᠡᠳ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠨᠢᠭᠡᠨᠲᠡ ᠬᠦᠷᠦᠭᠰᠡᠨ ᠮᠠᠰᠢᠨᠲᠤ ᠲᠡᠷᠭᠡ ᠶᠢ ᠬᠤᠳᠠᠯᠳᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠲᠠᠢ ᠨᠢ ᠲᠡᠩᠴᠡᠭᠦᠦ ᠲᠣᠭᠠᠨ ᠤ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠳᠤᠰ ᠮᠠᠰᠢᠨᠲᠤ ᠲᠡᠷᠭᠡ ᠶᠢ ᠳᠤᠰ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃    ᠵᠠᠭᠤ ᠨᠢᠭᠡᠳᠦᠭᠡᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠬᠦᠨᠳᠦ ᠶᠡᠭᠡ ᠵᠠᠮ ᠬᠠᠷᠢᠯᠴᠠᠭᠠᠨ ᠤ ᠭᠡᠨᠡᠳᠡᠯ ᠭᠠᠷᠭᠠᠵᠤ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠤ ᠳᠠᠷᠠᠭ᠎ᠠ ᠳᠤᠲᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠂ ᠲᠡᠷᠡᠴᠢᠯᠡᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠠᠰᠤᠨ ᠲᠤᠷᠰᠢᠳᠠ ᠳᠠᠬᠢᠵᠤ ᠣᠯᠭᠤᠵᠤ ᠪᠣᠯᠬᠤ ᠦᠭᠡᠢ᠃    ᠵᠠᠭᠤ ᠬᠤᠶᠠᠳᠤᠭᠠᠷ ᠵᠦᠢᠯ ᠵᠢᠷᠭᠤᠭᠠᠨ ᠰᠠᠷ᠎ᠠ ᠶᠢᠨ ᠳᠣᠲᠣᠷ᠎ᠠ ᠬᠤᠶᠠᠷ ᠤᠳᠠᠭ᠎ᠠ ᠠᠴᠠ ᠳᠡᠭᠡᠭᠰᠢ ᠣᠨᠴᠠ ᠶᠡᠭᠡ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠪᠤᠳᠠᠯ ᠳᠤ ᠭᠤᠣᠯ ᠬᠠᠷᠢᠭᠤᠴᠠᠯᠭ᠎ᠠ ᠲᠠᠢ ᠪᠤᠶᠤ ᠪᠦᠬᠦ ᠬᠠᠷᠢᠭᠤᠴᠠᠯᠭ᠎ᠠ ᠲᠠᠢ ᠲᠤᠰᠬᠠᠶ ᠲᠡᠭᠡᠭᠡᠪᠦᠷᠢ ᠶᠢᠨ ᠨᠢᠭᠡᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠮᠤᠷ ᠲᠦᠪᠰᠢᠨ ᠤ ᠳᠠᠯᠳᠠ ᠭᠡᠮ ᠢ ᠨᠢ ᠠᠷᠢᠯᠭᠠᠭᠤᠯᠤᠨ᠎ᠠ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠰᠠᠨ ᠦᠭᠡᠢ ᠮᠠᠰᠢᠨᠲᠤ ᠲᠡᠷᠭᠡ ᠶᠢᠨ ᠵᠠᠮ ᠳᠤ ᠭᠠᠷᠴᠤ ᠶᠠᠪᠤᠬᠤ ᠶᠢ ᠴᠠᠭᠠᠵᠠᠯᠠᠨ᠎ᠠ᠃    ᠵᠠᠭᠤ ᠭᠤᠷᠪᠠᠳᠤᠭᠠᠷ ᠵᠦᠢᠯ ᠤᠯᠤᠰ ᠤᠨ ᠮᠠᠰᠢᠨᠲᠤ ᠲᠡᠷᠭᠡ ᠶᠢᠨ ᠦᠢᠯᠡᠳᠬᠦᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠤᠬᠠᠶ ᠮᠡᠷᠭᠡᠵᠢᠯ ᠤᠨ ᠪᠠᠷᠢᠮᠵᠢᠶ᠎ᠠ ᠶᠣᠰᠣᠭᠠᠷ ᠴᠢᠩᠭ᠎ᠠ ᠬᠢᠨᠠᠨ ᠪᠠᠶᠢᠴᠠᠭᠠᠭᠰᠠᠨ ᠦᠭᠡᠢ ᠪᠠᠷ ᠬᠢᠷᠢ ᠲᠡᠩᠴᠡᠬᠦ ᠦᠭᠡᠢ ᠮᠠᠰᠢᠨᠲᠤ ᠲᠡᠷᠭᠡ ᠶᠢᠨ ᠬᠡᠯᠪᠡᠷᠢ ᠶᠢ ᠦᠢᠯᠡᠳᠪᠦᠷᠢᠯᠡᠯ ᠳᠤ ᠣᠷᠣᠭᠤᠯᠬᠤ ᠶᠢ ᠵᠥᠪᠰᠢᠶᠡᠷᠡᠭᠰᠡᠨ ᠪᠠᠶᠢᠪᠠᠯ᠂ ᠬᠠᠷᠢᠭᠤᠴᠠᠯᠭ᠎ᠠ ᠪᠦᠬᠦᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃    ᠮᠠᠰᠢᠨᠲᠤ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠤᠯᠤᠰ ᠤᠨ ᠮᠠᠰᠢᠨᠲᠤ ᠲᠡᠷᠭᠡᠨ ᠤ ᠦᠢᠯᠡᠳᠬᠦᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠦᠢᠯᠡᠳᠪᠦᠷᠢᠯᠡᠭᠰᠡᠨ ᠮᠠᠰᠢᠨᠲᠤ ᠲᠡᠷᠭᠡᠨ ᠤ ᠬᠡᠯᠪᠡᠷᠢ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠤᠬᠠᠶ ᠲᠧᠭᠨᠢᠭ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠬᠡᠢ ᠪᠤᠶᠤ ᠮᠠᠰᠢᠨᠲᠤ ᠲᠡᠷᠭᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠩᠭ᠎ᠠ ᠬᠢᠭᠰᠡᠨ ᠦᠬᠡᠢ ᠠᠴᠠ ᠪᠤᠯᠵᠤ᠂ ᠶᠠᠰᠤ ᠴᠢᠨᠠᠷ ᠨᠢ ᠬᠢᠷᠢ ᠳᠡᠩᠴᠡᠬᠦ ᠦᠬᠡᠢ ᠮᠠᠰᠢᠨᠲᠤ ᠲᠡᠷᠭᠡ ᠶᠢ ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ ᠪᠠᠶᠢᠪᠠᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃    ᠤᠯᠤᠰ ᠤᠨ ᠮᠠᠰᠢᠨᠲᠤ ᠲᠡᠷᠭᠡ ᠶᠢᠨ ᠦᠢᠯᠡᠳᠬᠦᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠦᠭᠡᠢ ᠪᠠᠷ ᠦᠢᠯᠡᠳᠪᠦᠷᠢᠯᠡᠬᠦ ᠮᠠᠰᠢᠨᠲᠤ ᠲᠡᠷᠭᠡ ᠶᠢᠨ ᠬᠡᠯᠪᠡᠷᠢ ᠶᠢ ᠳᠤᠷ᠎ᠠ ᠪᠠᠷ ᠢᠶᠠᠨ ᠦᠢᠯᠡᠳᠪᠦᠷᠢᠯᠡᠵᠦ ᠪᠣᠷᠣᠯᠠᠭᠤᠯᠤᠭᠰᠠᠨ ᠪᠠᠶᠢᠪᠠᠯ᠂ ᠬᠠᠤᠯᠢ ᠪᠤᠰᠤ ᠪᠠᠷ ᠦᠢᠯᠡᠳᠪᠦᠷᠢᠯᠡᠵᠦ ᠪᠣᠷᠣᠯᠠᠭᠤᠯᠤᠭᠰᠠᠨ ᠮᠠᠰᠢᠨᠲᠤ ᠲᠡᠷᠭᠡ ᠶᠢᠨ ᠪᠦᠲᠦᠭᠡᠭᠳᠡᠬᠦᠨ ᠵᠢᠴᠢ ᠰᠡᠯᠪᠢᠭ ᠲᠤᠨᠤᠭ ᠢ ᠨᠢ ᠬᠤᠷᠢᠶᠠᠨ ᠠᠪᠬᠤ ᠪᠥᠭᠡᠳ ᠬᠠᠤᠯᠢ ᠪᠤᠰᠤ ᠦᠢᠯᠡᠳᠬᠦᠨ ᠤ ᠦᠷᠳᠡᠭ ᠤᠨ ᠬᠢᠨᠢ ᠭᠤᠷᠪᠠᠨ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠡᠵᠡᠩᠨᠡᠯᠲᠡ ᠶᠢᠨ ᠦᠨᠡᠮᠯᠡᠯ ᠲᠠᠢ ᠪᠣᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠂ ᠡᠵᠡᠩᠨᠡᠯᠲᠡ ᠶᠢᠨ ᠦᠨᠡᠮᠯᠡᠯ ᠤᠢᠭᠡᠢ ᠪᠣᠯ ᠪᠠᠶᠢᠴᠠᠭᠠᠨ ᠪᠢᠲᠡᠭᠦᠮᠵᠢᠯᠡᠨ᠎ᠡ᠃    ᠨᠡᠶᠢᠯᠡᠭᠦᠯᠵᠦ ᠤᠭᠰᠠᠷᠠᠭᠰᠠᠨ ᠮᠠᠰᠢᠨᠲᠤ ᠲᠡᠷᠭᠡ ᠶᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠪᠤᠶᠤ ᠳᠤᠷ᠎ᠠ ᠪᠠᠷ ᠢᠶᠠᠨ ᠥᠭᠡᠷᠡᠴᠢᠯᠡᠨ ᠲᠣᠨᠣᠭᠯᠠᠭᠰᠠᠨ ᠮᠠᠰᠢᠨᠲᠤ ᠲᠡᠷᠭᠡ ᠶᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠪᠠᠶᠢᠪᠠᠯ᠂ ᠲᠤᠰ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠰᠢᠢᠳᠭᠡᠨ᠎ᠡ᠃    ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠲᠤ ᠵᠢᠭᠰᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠵᠤ᠂ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠤᠬᠠᠶ ᠲᠧᠭᠨᠢᠭ ᠮᠡᠷᠭᠡᠵᠢᠯ ᠤᠨ ᠪᠠᠷᠢᠮᠵᠢᠶ᠎ᠠ ᠳᠤ ᠦᠯᠦ ᠨᠡᠶᠢᠴᠡᠬᠦ ᠮᠠᠰᠢᠨᠲᠤ ᠲᠡᠷᠭᠡ ᠶᠢ ᠦᠢᠯᠡᠳᠪᠦᠷᠢᠯᠡᠭᠰᠡᠨ ᠪᠤᠶᠤ ᠪᠣᠷᠣᠯᠠᠭᠤᠯᠤᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠠᠭᠤ ᠳᠥᠷᠪᠡᠳᠦᠭᠡᠷ ᠵᠦᠢᠯ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠵᠠᠮ ᠢ ᠤᠬᠤᠵᠤ ᠮᠠᠯᠲᠠᠭᠰᠠᠨ᠂ ᠵᠠᠮ ᠢ ᠡᠵᠡᠯᠡᠨ ᠬᠡᠷᠡᠭᠯᠡᠵᠦ ᠪᠠᠷᠢᠯᠭ᠎ᠠ ᠪᠠᠷᠢᠭᠰᠠᠨ ᠪᠤᠶᠤ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠪᠤᠰᠤᠳ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠮ ᠬᠠᠷᠢᠯᠴᠠᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠬᠤ ᠶᠢᠨ ᠬᠠᠮᠲᠤ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠥᠭᠡᠳ ᠬᠠᠤᠯᠢ ᠶᠣᠰᠣᠭᠠᠷ ᠵᠣᠭᠤᠰ ᠢᠶᠠᠷ ᠲᠣᠷᠭᠠᠵᠤ ᠪᠣᠯᠤᠨ᠎ᠠ︔ ᠵᠠᠮ ᠨᠡᠪᠲᠡᠷᠡᠯᠭᠡ ᠶᠢᠨ ᠬᠥᠮᠦᠰ᠂ ᠲᠡᠷᠭᠡ ᠬᠥᠰᠬᠡ ᠵᠢᠴᠢ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃    ᠡᠮᠦᠨᠡᠬᠢ ᠪᠠᠳᠠᠭ ᠲᠤ ᠳᠤᠷᠠᠳᠤᠭᠰᠠᠨ ᠦᠢᠯᠡ ᠠᠵᠢᠯᠯᠠᠭ᠎ᠠ ᠲᠠᠢ ᠪᠠᠶᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯᠯᠠᠭ᠎ᠠ ᠶᠢ ᠨᠥᠯᠥᠭᠡᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠵᠠᠮ ᠬᠠᠷᠢᠯᠴᠠᠭ᠎ᠠ ᠶᠢ ᠦᠳᠲᠡᠷ ᠲᠦᠷᠭᠡᠨ ᠰᠡᠷᠭᠦᠭᠡᠨ᠎ᠡ᠃    ᠵᠠᠭᠤ ᠲᠠᠪᠤᠳᠤᠭᠠᠷ ᠵᠦᠢᠯ ᠵᠠᠮ ᠤᠨ ᠪᠠᠷᠢᠯᠭ᠎ᠠ ᠶᠢᠨ ᠠᠵᠢᠯ ᠪᠤᠶᠤ ᠵᠠᠮ ᠡᠪᠳᠡᠷᠡᠵᠦ ᠰᠦᠢᠳᠦᠭᠰᠡᠨ ᠪᠠᠶᠢᠳᠠᠯ ᠭᠠᠷᠪᠠᠯ᠂ ᠴᠠᠭ ᠲᠤᠬᠠᠶ ᠳᠤ ᠨᠢ ᠰᠡᠷᠡᠮᠵᠢ ᠶᠢᠨ ᠲᠡᠮᠳᠡᠭ ᠲᠠᠯᠪᠢᠭᠰᠠᠨ ᠦᠭᠡᠶ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠶ᠂ ᠡᠰᠡᠬᠦᠯ᠎ᠡ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠶᠢ ᠲᠠᠭᠠᠷᠠᠭᠤᠯᠬᠤ ᠶᠣᠰᠣᠲᠠᠶ ᠪᠠᠶᠢᠲᠠᠯ᠎ᠠ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠶᠢ ᠪᠠᠶᠢᠷᠢᠯᠠᠭᠤᠯᠤᠭᠰᠠᠨ ᠦᠬᠡᠢ ᠪᠤᠶᠤ ᠴᠠᠭ ᠲᠤᠬᠠᠶ ᠳᠤ ᠨᠢ ᠬᠤᠪᠢᠷᠠᠭᠤᠯᠬᠤ ᠶᠣᠰᠣᠲᠠᠶ ᠪᠠᠶᠢᠲᠠᠯ᠎ᠠ ᠴᠠᠭ ᠲᠤᠬᠠᠶ ᠳᠤ ᠨᠢ ᠬᠤᠪᠢᠷᠠᠭᠤᠯᠤᠭᠰᠠᠨ ᠦᠬᠡᠢ ᠠᠴᠠ ᠪᠤᠯᠵᠤ ᠵᠠᠮ ᠨᠡᠪᠲᠡᠷᠡᠯᠭᠡ ᠶᠢᠨ ᠬᠥᠮᠦᠰ᠂ ᠲᠡᠷᠭᠡ ᠬᠥᠰᠬᠡ ᠵᠢᠴᠢ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠨᠢᠭᠡᠴᠢ ᠨᠢ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃    ᠵᠠᠭᠤ ᠵᠢᠷᠭᠤᠳᠤᠭᠠᠷ ᠵᠦᠢᠯ ᠵᠠᠮ ᠤᠨ ᠬᠤᠶᠠᠷ ᠲᠠᠯ᠎ᠠ ᠵᠢᠴᠢ ᠲᠤᠰᠠᠭᠠᠷᠯᠠᠬᠤ ᠪᠦᠰᠡ ᠳᠡᠭᠡᠷ᠎ᠡ ᠮᠣᠳᠣ᠂ ᠪᠤᠰᠤᠳ ᠤᠷᠭᠤᠮᠠᠯ ᠲᠠᠷᠢᠬᠤ ᠪᠤᠶᠤ ᠵᠠᠷ ᠤᠨ ᠫᠠᠶᠢᠰᠠ᠂ ᠬᠤᠭᠤᠯᠠᠶ ᠤᠲᠠᠰᠤ ᠵᠡᠷᠭᠡ ᠶᠢ ᠪᠠᠶᠢᠷᠢᠯᠠᠭᠤᠯᠬᠤ ᠳᠤ ᠪᠠᠨ ᠵᠠᠮ ᠤᠨ ᠳ᠋ᠧᠩ᠂ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ ᠢ ᠬᠠᠯᠬᠠᠯᠠᠵᠤ᠂ ᠠᠮᠤᠷ ᠲᠦᠪᠰᠢᠨ ᠤ ᠬᠠᠷᠠᠭᠠᠨ ᠵᠠᠶ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠢᠯᠡ ᠠᠵᠢᠯᠯᠠᠭᠠᠳᠠᠨ ᠢ ᠵᠠᠷᠯᠢᠭᠳᠠᠵᠤ ᠪᠠᠶᠢᠭᠠᠳ ᠬᠠᠷᠰᠢ ᠰᠠᠭᠠᠳ ᠢ ᠨᠢ ᠠᠷᠢᠯᠭᠠᠭᠤᠯᠤᠨ᠎ᠠ︔ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠬᠦ ᠪᠥᠭᠡᠳ ᠬᠠᠷᠰᠢ ᠰᠠᠭᠠᠳ ᠢ ᠠᠯᠪᠠᠳᠠᠨ ᠠᠷᠢᠯᠭᠠᠭᠤᠯᠵᠤ᠂ ᠬᠡᠷᠡᠭᠰᠡᠬᠦ ᠵᠠᠷᠤᠳᠠᠯ ᠢ ᠦᠢᠯᠡ ᠠᠵᠢᠯᠯᠠᠭᠠᠳᠠᠨ ᠡᠭᠦᠷᠭᠡᠯᠡᠨ᠎ᠡ᠃    ᠵᠠᠭᠤ ᠳᠣᠯᠣᠳᠤᠭᠠᠷ ᠵᠦᠢᠯ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠢ ᠳᠣᠩᠭᠤᠳᠬᠤ᠂ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠳᠤ ᠵᠠᠮ ᠬᠠᠷᠢᠯᠴᠠᠭᠠᠨ ᠤ ᠴᠠᠭᠳᠠᠭ᠎ᠠ ᠲᠤᠬᠠᠶ ᠶᠢᠨ ᠭᠠᠵᠠᠷ ᠲᠤ ᠨᠢ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠭᠠᠷᠭᠠᠵᠤ ᠪᠣᠯᠬᠤ ᠪᠥᠭᠡᠳ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠤᠨ ᠪᠢᠴᠢᠭ ᠭᠠᠷᠭᠠᠵᠤ ᠥᠭᠭᠦᠨ᠎ᠡ᠃    ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ ᠪᠢᠴᠢᠭ ᠲᠤ ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭᠠᠨ ᠤ ᠰᠢᠢᠳᠭᠡᠯ ᠤᠨ ᠦᠨᠳᠦᠰᠦ ᠪᠠᠷᠢᠮᠲᠠ᠂ ᠰᠢᠢᠳᠭᠡᠯ ᠤᠨ ᠠᠭᠤᠯᠭ᠎ᠠ᠂ ᠴᠠᠭ᠂ ᠭᠠᠵᠠᠷ ᠵᠢᠴᠢ ᠰᠢᠢᠳᠭᠡᠯ ᠤᠨ ᠪᠠᠶᠢᠭᠤᠯᠭ᠎ᠠ ᠶᠢᠨ ᠨᠡᠷᠡᠶᠢᠳᠦᠯ ᠢ ᠲᠣᠳᠣᠷᠬᠠᠶ ᠪᠢᠴᠢᠬᠦ ᠶᠢᠨ ᠬᠠᠮᠲᠤ ᠬᠠᠤᠯᠢ ᠬᠡᠷᠡᠭᠵᠢᠭᠦᠯᠦᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠬᠡᠷᠡᠭᠲᠡᠶ᠃    ᠵᠠᠭᠤ ᠨᠠᠢᠮᠠᠳᠤᠭᠠᠷ ᠵᠦᠢᠯ ᠲᠤᠬᠠᠶ ᠶᠢᠨ ᠬᠥᠮᠦᠨ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠵᠢᠭᠠᠨ ᠲᠣᠭᠲᠠᠭᠠᠭᠰᠠᠨ ᠪᠠᠩᠬᠢ ᠳᠤ ᠣᠴᠢᠵᠤ ᠲᠣᠷᠭᠠᠭᠤᠯᠢ ᠶᠢᠨ ᠵᠣᠭᠤᠰ ᠢᠶᠠᠨ ᠲᠤᠰᠢᠶᠠᠬᠤᠬᠡᠷᠡᠭᠲᠡᠶ᠃    ᠶᠠᠪᠠᠭᠠᠨ ᠬᠥᠮᠦᠨ᠂ ᠲᠡᠷᠭᠡᠨ ᠳᠤ ᠰᠠᠭᠤᠭᠴᠢ ᠪᠠ ᠮᠠᠰᠢᠨᠲᠤ ᠪᠤᠰᠤ ᠲᠡᠷᠭᠡᠨ ᠤ ᠵᠢᠯᠣᠭᠤᠴᠢ ᠶᠢ ᠵᠣᠭᠤᠰ ᠢᠶᠠᠷ ᠲᠣᠷᠭᠠᠬᠤ ᠳᠤ ᠲᠤᠬᠠᠶ ᠶᠢᠨ ᠬᠥᠮᠦᠨ ᠨᠢ ᠣᠨᠳᠣᠣ ᠰᠠᠨᠠᠯ ᠦᠭᠡᠢ ᠪᠠᠶᠢᠪᠠᠯ᠂ ᠲᠤᠬᠠᠶ ᠶᠢᠨ ᠲᠠᠯᠠᠪᠤᠷ ᠲᠤ ᠨᠢ ᠲᠣᠷᠭᠠᠭᠤᠯᠢ ᠶᠢᠨ ᠵᠣᠭᠤᠰ ᠢ ᠬᠤᠷᠢᠶᠠᠨ ᠠᠪᠴᠤ ᠪᠣᠯᠤᠨ᠎ᠠ᠃    ᠵᠣᠭᠤᠰ ᠢᠶᠠᠷ ᠲᠣᠷᠭᠠᠬᠤ ᠳᠤ ᠪᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠦᠢᠯᠡᠳᠴᠦ ᠲᠠᠷᠬᠠᠭᠠᠭᠰᠠᠨ ᠵᠣᠭᠤᠰ ᠢᠶᠠᠷ ᠲᠣᠷᠭᠠᠬᠤ ᠪᠠᠷᠢᠮᠲᠠ ᠬᠢᠵᠦ ᠥᠭᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠦᠢᠯᠡᠳᠴᠦ ᠲᠠᠷᠬᠠᠭᠠᠭᠰᠠᠨ ᠵᠣᠭᠤᠰ ᠢᠶᠠᠷ ᠲᠣᠷᠭᠠᠬᠤ ᠪᠠᠷᠢᠮᠲᠠ ᠶᠢ ᠭᠠᠷᠭᠠᠵᠤ ᠥᠭᠬᠦ ᠦᠭᠡᠢ ᠪᠠᠶᠢᠪᠠᠯ᠂ ᠲᠤᠬᠠᠶ ᠶᠢᠨ ᠬᠥᠮᠦᠨ ᠨᠢ ᠲᠣᠷᠭᠠᠭᠤᠯᠢ ᠶᠢᠨ ᠵᠣᠭᠤᠰ ᠲᠤᠰᠢᠶᠠᠬᠤ ᠶᠢ ᠲᠡᠪᠴᠢᠬᠦ ᠡᠷᠬᠡ ᠲᠠᠢ᠃    ᠵᠠᠭᠤ ᠶᠢᠰᠦᠳᠦᠭᠡᠷ ᠵᠦᠢᠯ ᠲᠤᠬᠠᠶ ᠶᠢᠨ ᠬᠥᠮᠦᠨ ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠢ ᠭᠦᠢᠴᠡᠳᠬᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠴᠤ ᠪᠣᠯᠤᠨ᠎ᠠ᠄    ︵ᠨᠢᠭᠡ︶ ᠬᠤᠭᠤᠴᠠᠭ᠎ᠠ ᠲᠤᠯᠤᠭᠰᠠᠨ ᠪᠠᠶᠢᠲᠠᠯ᠎ᠠ ᠲᠣᠷᠭᠠᠭᠤᠯᠢ ᠶᠢᠨ ᠵᠣᠭᠤᠰ ᠢ ᠲᠤᠰᠢᠶᠠᠬᠤ ᠦᠭᠡᠢ ᠪᠠᠶᠢᠪᠠᠯ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ ᠬᠢᠨᠢ ᠵᠠᠭᠤᠨ ᠤ ᠭᠤᠷᠪᠠ ᠪᠠᠷ ᠵᠣᠭᠤᠰ ᠢᠶᠠᠷ ᠨᠡᠮᠡᠵᠦ ᠲᠣᠷᠭᠠᠨ᠎ᠠ︔    ︵ᠬᠤᠶᠠᠷ︶ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠨ ᠭᠦᠢᠴᠡᠳᠬᠡᠭᠦᠯᠬᠦ᠃    ᠵᠠᠭᠤ ᠠᠷᠪᠠᠳᠤᠭᠠᠷ ᠵᠦᠢᠯ ᠡᠭᠦᠷᠭᠡ ᠲᠤᠰᠢᠶᠠᠯ ᠭᠦᠢᠴᠡᠳᠬᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭᠠᠬᠤ ᠰᠢᠢᠳᠭᠡᠯ ᠥᠭᠬᠦ ᠬᠡᠷᠡᠭᠲᠡᠶ ᠭᠡᠵᠦ ᠦᠵᠡᠪᠡᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠤᠷᠢᠳᠠᠪᠠᠷ ᠦᠯᠡᠳᠡᠭᠡᠨ ᠠᠪᠬᠤ ᠶᠢᠨ ᠬᠠᠮᠲᠤ ᠬᠡᠷᠡᠭ ᠢ ᠬᠤᠷᠢᠨ ᠲᠦᠷᠪᠡᠨ ᠴᠠᠭ ᠤᠨ ᠳᠣᠲᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠦ ᠪᠣᠯᠤᠨ᠎ᠠ᠃    ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠠᠷᠪᠠᠨ ᠲᠠᠪᠤᠨ ᠡᠳᠦᠷ ᠤᠨ ᠳᠣᠲᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠰᠢᠢᠳᠪᠦᠷᠢᠯᠡᠯᠳᠡ ᠶᠢ ᠬᠦᠯᠢᠶᠡᠬᠦ ᠬᠡᠷᠡᠭᠲᠡᠶ᠃ ᠵᠦᠢ ᠶᠣᠰᠣᠨ ᠤ ᠤᠴᠢᠷ ᠰᠢᠯᠲᠠᠭᠠᠨ ᠦᠬᠡᠢ ᠪᠠᠷ ᠬᠤᠭᠤᠴᠠᠭ᠎ᠠ ᠬᠡᠲᠦᠷᠡᠲᠡᠯ᠎ᠡ ᠰᠢᠢᠳᠪᠦᠷᠢᠯᠡᠬᠦ ᠶᠢ ᠬᠦᠯᠢᠶᠡᠨ ᠠᠪᠤᠭᠰᠠᠨ ᠦᠬᠡᠢ ᠪᠠᠶᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠬᠡᠢ ᠪᠣᠯᠭᠠᠨ᠎ᠠ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭᠠᠬᠤ ᠳᠤ ᠬᠦᠷᠪᠡᠯ᠂ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠤᠨ ᠪᠢᠴᠢᠭ ᠬᠢᠵᠦ ᠥᠭᠬᠦ ᠬᠡᠷᠡᠭᠲᠡᠶ᠃    ᠵᠠᠭᠤ ᠠᠷᠪᠠᠨ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠳ ᠲᠤ ᠲᠦᠷ ᠬᠤᠷᠢᠬᠤ ᠵᠠᠰᠠᠭ ᠵᠠᠬᠢᠷᠭᠠᠨ ᠤ ᠰᠢᠢᠳᠭᠡᠯ ᠢ ᠰᠢᠶᠠᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠤᠶᠤ ᠰᠢᠶᠠᠨ ᠤ ᠱᠠᠲᠤ ᠲᠠᠢ ᠲᠡᠩᠴᠡᠬᠦ ᠳᠣᠲᠣᠭᠠᠳᠤ ᠶᠢ ᠬᠠᠮᠠᠭᠠᠯᠠᠬᠤ ᠪᠠᠢᠭᠤᠯᠯᠭ᠎ᠠ ᠠᠴᠠ ᠲᠠᠰᠤᠯᠤᠨ ᠲᠣᠭᠲᠠᠭᠠᠨ᠎ᠠ᠃    ᠵᠠᠭᠤ ᠠᠷᠪᠠᠨ ᠬᠤᠶᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢ ᠪᠠᠷᠢᠵᠤ ᠦᠯᠡᠳᠡᠭᠡᠬᠦ ᠳᠤ ᠪᠠᠨ ᠲᠤᠬᠠᠶ ᠶᠢᠨ ᠲᠠᠯᠠᠪᠤᠷ ᠲᠤ ᠨᠢ ᠭᠡᠷᠡᠴᠢ ᠪᠠᠷᠢᠮᠲᠠ ᠭᠠᠷᠭᠠᠵᠤ ᠥᠭᠬᠦ ᠬᠡᠷᠡᠭᠲᠡᠶ ᠪᠥᠭᠡᠳ ᠲᠣᠭᠲᠠᠭᠰᠠᠨ ᠬᠤᠭᠤᠴᠠᠭᠠᠨ ᠤ ᠳᠣᠲᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠰᠢᠢᠳᠪᠦᠷᠢᠯᠡᠯᠳᠡ ᠶᠢ ᠬᠦᠯᠢᠶᠡᠯᠭᠡᠬᠦ ᠪᠠᠷ ᠲᠤᠬᠠᠶ ᠶᠢᠨ ᠬᠥᠮᠦᠨ ᠳᠤ ᠮᠡᠳᠡᠭᠳᠡᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠴᠣᠷᠭᠠᠨ ᠠᠪᠤᠭᠰᠠᠨ ᠲᠡᠷᠭᠡ ᠶᠢ ᠰᠠᠶᠢᠲᠤᠷ ᠬᠠᠳᠠᠭᠠᠯᠠᠨ ᠬᠠᠮᠢᠶᠠᠷᠬᠤ ᠬᠡᠷᠡᠭᠲᠡᠶ᠂ ᠬᠡᠷᠡᠭᠯᠡᠵᠦ ᠪᠣᠯᠬᠤ ᠦᠭᠡᠢ᠃    ᠬᠤᠭᠤᠴᠠᠭ᠎ᠠ ᠬᠡᠲᠦᠷᠡᠲᠡᠯ᠎ᠡ ᠰᠢᠢᠳᠪᠦᠷᠢᠯᠡᠭᠦᠯᠬᠦ ᠪᠠᠷ ᠢᠷᠡᠬᠦ ᠦᠭᠡᠢ ᠪᠥᠭᠡᠳ ᠵᠠᠷᠯᠠᠨ ᠨᠡᠶᠢᠲᠡᠯᠡᠭᠡᠳ ᠭᠤᠷᠪᠠᠨ ᠰᠠᠷ᠎ᠠ ᠪᠣᠯᠲᠠᠯ᠎ᠠ ᠮᠥᠨ ᠰᠢᠢᠳᠪᠦᠷᠢᠯᠡᠭᠦᠯᠬᠦ ᠪᠠᠷ ᠢᠷᠡᠬᠦ ᠦᠭᠡᠢ ᠪᠠᠶᠢᠪᠠᠯ᠂ ᠬᠤᠴᠣᠷᠭᠠᠨ ᠠᠪᠤᠭᠰᠠᠨ ᠲᠡᠷᠭᠡ ᠬᠥᠰᠬᠡ ᠶᠢ ᠬᠠᠤᠯᠢ ᠶᠣᠰᠣᠭᠠᠷ ᠰᠢᠢᠳᠪᠦᠷᠢᠯᠡᠨ᠎ᠡ᠃    ᠵᠠᠭᠤ ᠠᠷᠪᠠᠨ ᠭᠤᠷᠪᠠᠳᠤᠭᠠᠷ ᠵᠦᠢᠯ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠦᠷ ᠦᠯᠡᠳᠡᠭᠡᠵᠦ ᠠᠪᠬᠤ ᠬᠤᠭᠤᠴᠠᠭ᠎ᠠ ᠶᠢ ᠰᠢᠢᠳᠭᠡᠯ ᠥᠭᠬᠦ ᠲᠣᠭᠲᠠᠭᠠᠯ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠵᠦ ᠪᠤᠳᠤᠨ᠎ᠠ︔ ᠰᠢᠢᠳᠭᠡᠯ ᠥᠭᠬᠦ ᠲᠣᠭᠲᠠᠭᠠᠯ ᠬᠦᠴᠦᠨ ᠲᠠᠢ ᠪᠣᠯᠬᠤ ᠠᠴᠠ ᠡᠮᠦᠨ᠎ᠡ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠤᠷᠢᠳᠠᠪᠠᠷ ᠦᠯᠡᠳᠡᠭᠡᠵᠦ ᠠᠪᠤᠭᠰᠠᠨ ᠪᠠᠶᠢᠪᠠᠯ᠂ ᠦᠯᠡᠳᠡᠭᠡᠵᠦ ᠠᠪᠤᠭᠰᠠᠨ ᠨᠢᠭᠡ ᠡᠳᠦᠷ ᠢ ᠳᠦᠷ ᠦᠯᠡᠳᠡᠭᠡᠵᠦ ᠠᠪᠬᠤ ᠬᠤᠭᠤᠴᠠᠭ᠎ᠠ ᠶᠢᠨ ᠨᠢᠭᠡ ᠡᠳᠦᠷ ᠢᠶᠠᠷ ᠰᠠᠭᠤᠯᠭᠠᠨ ᠪᠣᠳᠤᠨ᠎ᠠ᠃    ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠬᠡᠢ ᠪᠣᠯᠭᠠᠭᠰᠠᠨ ᠤ ᠳᠠᠷᠠᠭ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠳᠠᠬᠢᠵᠤ ᠭᠤᠶᠤᠴᠢᠯᠠᠨ ᠠᠪᠬᠤ ᠬᠤᠭᠤᠴᠠᠭ᠎ᠠ ᠶᠢ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃    ᠵᠠᠭᠤ ᠠᠷᠪᠠᠨ ᠳᠥᠷᠪᠡᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠯ ᠤᠨ ᠲᠡᠮᠳᠡᠭᠯᠡᠯ ᠤᠨ ᠮᠠᠲ᠋ᠧᠷᠢᠶᠠᠯ ᠢ ᠦᠨᠳᠦᠰᠦᠯᠡᠨ᠂ ᠬᠠᠤᠯᠢ ᠶᠢ ᠵᠥᠷᠢᠴᠡᠭᠰᠡᠨ ᠮᠠᠰᠢᠨᠲᠤ ᠲᠡᠷᠭᠡ ᠶᠢᠨ ᠥᠮᠴᠢᠯᠡᠭᠴᠢ ᠪᠤᠶᠤ ᠬᠠᠮᠢᠶᠠᠷᠤᠭᠴᠢ ᠶᠢ ᠬᠠᠤᠯᠢ ᠶᠣᠰᠣᠭᠠᠷ ᠰᠢᠢᠳᠭᠡᠵᠦ ᠪᠣᠯᠤᠨ᠎ᠠ᠃ ᠵᠢᠯᠣᠭᠤᠴᠢ ᠶᠢ ᠨᠢ ᠨᠤᠲᠠᠯᠠᠨ ᠲᠣᠭᠲᠠᠭᠠᠵᠤ ᠴᠢᠳᠠᠪᠠᠯ᠂ ᠲᠤᠰ ᠬᠠᠤᠯᠢ ᠶᠢᠨ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠭᠡᠵᠦ ᠪᠣᠯᠤᠨ᠎ᠠ᠃  ᠵᠠᠭᠤ ᠠᠷᠪᠠᠨ ᠲᠠᠪᠤᠳᠤᠭᠠᠷ ᠵᠦᠢᠯ ᠵᠠᠮ ᠬᠠᠷᠢᠯᠴᠠᠭᠠᠨ ᠤ ᠴᠠᠭᠳᠠᠭ᠎ᠠ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠄  ︵ᠨᠢᠭᠡ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠮᠠᠰᠢᠨᠲᠤ ᠲᠡᠷᠭᠡ ᠳᠤ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ ᠣᠯᠭᠤᠭᠰᠠᠨ︔  ︵ᠬᠤᠶᠠᠷ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠮᠠᠰᠢᠨᠲᠤ ᠲᠡᠷᠭᠡ ᠳᠤ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠶᠢᠨ ᠰᠡᠷᠡᠮᠵᠢ ᠶᠢᠨ ᠳᠤᠬᠢᠶᠠᠨ ᠤ ᠡᠭᠦᠰᠬᠡᠭᠦᠷ᠂ ᠢᠯᠡᠳᠬᠡᠮᠵᠢ ᠳᠡᠮᠳᠡᠭ ᠤᠨ ᠳ᠋ᠧᠩ ᠤᠨ ᠵᠦᠢᠯ ᠢ ᠤᠭᠰᠠᠷᠠᠵᠤ᠂ ᠬᠡᠷᠡᠭᠯᠡᠵᠦ᠂ ᠢᠯᠡᠳᠬᠡᠮᠵᠢ ᠳᠡᠮᠳᠡᠭ ᠤᠨ ᠬᠡ ᠤᠭᠠᠯᠵᠠ ᠰᠦᠷᠴᠢᠨ ᠲᠦᠷᠬᠢᠬᠦ ᠶᠢ ᠵᠥᠪᠰᠢᠶᠡᠷᠡᠭᠰᠡᠨ︔  ︵ᠭᠤᠷᠪᠠ︶ ᠵᠢᠯᠣᠭᠤᠳᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠦᠭᠡᠢ᠂ ᠰᠢᠯᠭᠠᠯᠲᠠ ᠶᠢ ᠥᠩᠭᠡᠷᠡᠭᠡᠭᠰᠡᠨ ᠦᠭᠡᠢ ᠪᠤᠶᠤ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠦᠨ ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠭᠰᠠᠨ︔  ︵ᠲᠦᠷᠪᠡ︶ ᠵᠣᠭᠤᠰ ᠢᠶᠠᠷ ᠲᠣᠷᠭᠠᠬᠤ ᠲᠣᠭᠲᠠᠭᠠᠯ ᠭᠠᠷᠭᠠᠬᠤ ᠪᠠ ᠲᠣᠷᠭᠠᠭᠤᠯᠢ ᠶᠢᠨ ᠵᠣᠭᠤᠰ ᠢ ᠬᠤᠷᠢᠶᠡᠠ ᠠᠪᠬᠤ ᠶᠢ ᠰᠠᠯᠭᠠᠬᠤ ᠲᠦᠷᠢᠮ ᠢ ᠬᠡᠷᠡᠭᠵᠢᠭᠦᠯᠦᠭᠰᠡᠨ ᠤᠢᠭᠡᠢ ᠪᠤᠶᠤ ᠬᠠᠤᠯᠢ ᠶᠣᠰᠣᠭᠠᠷ ᠬᠤᠷᠢᠶᠠᠭᠰᠠᠨ ᠰᠦᠢᠳᠬᠡᠯ᠂ ᠬᠤᠷᠢᠶᠠᠭᠰᠠᠨ ᠲᠣᠷᠭᠠᠭᠤᠯᠢ ᠶᠢᠨ ᠵᠣᠭᠤᠰ ᠵᠢᠴᠢ ᠬᠤᠷᠢᠶᠡᠠ ᠠᠪᠤᠭᠰᠠᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠲᠣᠭᠲᠠᠭᠠᠯ ᠶᠣᠰᠣᠭᠠᠷ ᠪᠦᠬᠦᠠ ᠢ ᠤᠯᠤᠰ ᠤᠨ ᠰᠡᠩ ᠳᠤ ᠡᠰᠡ ᠲᠤᠰᠢᠶᠠᠭᠰᠠᠨ︔   ︵ᠲᠠᠪᠤ︶ ᠵᠢᠯᠣᠭᠤᠴᠢ ᠶᠢᠨ ᠰᠤᠷᠭᠠᠭᠤᠯᠢ ᠪᠤᠶᠤ ᠵᠢᠯᠣᠭᠤᠴᠢ ᠶᠢᠨ ᠪᠣᠯᠪᠠᠰᠤᠷᠠᠯ ᠤᠨ ᠠᠩᠬᠢ᠂ ᠮᠠᠰᠢᠨᠲᠤ ᠲᠡᠷᠭᠡ ᠰᠡᠯᠪᠢᠨ ᠵᠠᠰᠠᠬᠤ ᠦᠢᠯᠡᠳᠪᠦᠷᠢ ᠪᠤᠶᠤ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠵᠡᠷᠭᠡ ᠡᠵᠡᠩᠨᠡᠯᠲᠡ ᠶᠢᠨ ᠠᠵᠢᠯᠯᠠᠭ᠎ᠠ ᠡᠷᠬᠢᠯᠡᠭᠰᠡᠨ ᠪᠤᠶᠤ ᠲᠡᠭᠦᠨ ᠳᠤ ᠣᠷᠣᠯᠴᠠᠭᠰᠠᠨ︔   ︵ᠵᠢᠷᠭᠤᠭ᠎ᠠ︶ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ ᠪᠣᠳᠠᠰ ᠢ ᠬᠦᠯᠢᠶᠡᠠ ᠠᠪᠤᠭᠰᠠᠨ ᠪᠤᠶᠤ ᠪᠤᠰᠤᠳ ᠠᠰᠢᠭ ᠲᠤᠰᠠ ᠣᠯᠤᠭᠰᠠᠨ︔   ︵ᠲᠤᠯᠤᠭ᠎ᠠ︶ ᠲᠡᠷᠭᠡ ᠬᠥᠰᠬᠡ᠂ ᠮᠠᠰᠢᠨᠲᠤ ᠲᠡᠷᠭᠡᠨ ᠤ ᠠᠶᠠᠯᠠᠨ ᠶᠠᠪᠤᠬᠤ ᠦᠨᠡᠮᠯᠡᠯ᠂ ᠵᠢᠯᠣᠭᠤᠴᠢ ᠶᠢᠨ ᠦᠨᠡᠮᠯᠡᠯ᠂ ᠲᠡᠷᠭᠡᠨ ᠤ ᠨᠣᠮᠧᠷ ᠤᠨ ᠫᠠᠶᠢᠰᠠ ᠶᠢ ᠬᠠᠤᠯᠢ ᠶᠢ ᠵᠥᠷᠢᠴᠡᠨ ᠦᠯᠡᠳᠡᠭᠡᠵᠦ ᠠᠪᠤᠭᠰᠠᠨ︔    ︵ᠨᠠᠢᠮᠠ︶ ᠬᠠᠤᠯᠢ ᠶᠣᠰᠣᠭᠠᠷ ᠦᠯᠡᠳᠡᠭᠡᠨ ᠠᠪᠤᠭᠰᠠᠨ ᠲᠡᠷᠭᠡ ᠶᠢ ᠬᠡᠷᠡᠭᠯᠡᠭᠰᠡᠨ︔   ︵ᠶᠢᠰᠦ︶ ᠲᠤᠬᠠᠶ ᠶᠢᠨ ᠭᠠᠵᠠᠷ ᠲᠤ ᠨᠢ ᠲᠣᠷᠭᠠᠭᠤᠯᠢ ᠶᠢᠨ ᠵᠣᠭᠤᠰ ᠬᠤᠷᠢᠶᠠᠬᠤ ᠳᠤ ᠪᠠᠨ ᠵᠣᠭᠤᠰ ᠢᠶᠠᠷ ᠲᠣᠷᠭᠠᠬᠤ ᠪᠠᠷᠢᠮᠲᠠ ᠪᠢᠴᠢᠵᠦ ᠥᠭᠭᠦᠭᠰᠡᠨ ᠦᠭᠡᠢ ᠪᠤᠶᠤ ᠲᠣᠷᠭᠠᠭᠤᠯᠢ ᠶᠢᠨ ᠵᠣᠭᠤᠰ ᠤᠨ ᠲᠤᠭ᠎ᠠ ᠶᠢ ᠦᠨᠡᠨ ᠮᠥᠨ ᠢᠶᠠᠷ ᠨᠢ ᠡᠰᠡ ᠲᠠᠭᠯᠠᠭᠰᠠᠨ︔   ︵ᠠᠷᠪᠠ︶ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ᠂ ᠵᠠᠮ ᠬᠠᠷᠢᠯᠴᠠᠭᠠᠨ ᠤ ᠭᠡᠨᠡᠳᠡᠯ ᠢ ᠭᠤᠣᠯᠴᠢ ᠪᠤᠰᠤ ᠪᠠᠷ ᠰᠢᠢᠳᠪᠦᠷᠢᠯᠡᠭᠰᠡᠨ︔   ︵ᠠᠷᠪᠠᠨ ᠨᠢᠭᠡ︶ ᠮᠠᠰᠢᠨᠲᠤ ᠲᠡᠷᠭᠡ ᠶᠢᠨ ᠫᠠᠶᠢᠰᠠ ᠦᠨᠡᠮᠯᠡᠯ ᠤᠨ ᠭᠠᠷ ᠭᠦᠢᠴᠡᠳᠬᠡᠯ ᠬᠢᠬᠦ ᠶᠢ ᠵᠣᠷᠢᠭᠤᠳᠠ ᠭᠠᠴᠢᠵᠤ᠂ ᠤᠳᠠᠭᠠᠰᠢᠷᠠᠭᠤᠯᠤᠭᠰᠠᠨ︔  ︵ᠠᠷᠪᠠᠨ ᠬᠤᠶᠠᠷ︶ ᠪᠠᠴᠢᠮ ᠡᠭᠦᠷᠭᠡ ᠭᠦᠢᠴᠡᠳᠬᠡᠬᠦ ᠪᠤᠰᠤ ᠦᠶ᠎ᠡ ᠳᠤ ᠰᠡᠷᠡᠮᠵᠢ ᠶᠢᠨ ᠳᠤᠬᠢᠶᠠᠨ ᠤ ᠡᠭᠦᠰᠬᠡᠭᠦᠷ᠂ ᠢᠯᠡᠳᠬᠡᠮᠵᠢ ᠳᠡᠮᠳᠡᠭ ᠤᠨ ᠳ᠋ᠧᠩ ᠤᠨ ᠵᠦᠢᠯ ᠢ ᠬᠡᠷᠡᠭᠯᠡᠭᠰᠡᠨ︔    ︵ᠠᠷᠪᠠᠨ ᠭᠤᠷᠪᠠ︶ ᠬᠡᠪ ᠤᠨ ᠶᠣᠰᠣᠭᠠᠷ ᠶᠠᠪᠤᠵᠤ ᠪᠠᠶᠢᠭ᠎ᠠ ᠲᠡᠷᠭᠡ ᠶᠢ ᠲᠣᠭᠲᠠᠭᠠᠯ ᠠᠴᠠ ᠵᠥᠷᠢᠴᠡᠨ ᠬᠠᠰᠢᠵᠤ ᠪᠠᠶᠢᠴᠠᠭᠠᠭᠰᠠᠨ︔    ︵ᠠᠷᠪᠠᠨ ᠲᠦᠷᠪᠡ︶ ᠪᠠᠴᠢᠮ ᠠᠯᠪᠠᠨ ᠠᠵᠢᠯ ᠭᠦᠢᠴᠡᠳᠬᠡᠬᠦ ᠪᠤᠰᠤ ᠴᠠᠭ ᠲᠤ ᠮᠠᠰᠢᠨᠲᠤ ᠲᠡᠷᠭᠡ ᠶᠢ ᠬᠠᠰᠢᠵᠤ ᠰᠠᠭᠤᠭᠰᠠᠨ︔    ︵ᠠᠷᠪᠠᠨ ᠲᠠᠪᠤ︶ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠮᠦᠨᠡᠬᠢ ᠪᠠᠳᠠᠭ ᠲᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠵᠣᠬᠢᠴᠠᠩᠭᠤᠶ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃    ᠵᠠᠭᠤ ᠠᠷᠪᠠᠨ ᠵᠢᠷᠭᠤᠳᠤᠭᠠᠷ ᠵᠦᠢᠯ ᠲᠤᠰ ᠬᠠᠤᠯᠢ ᠶᠢᠨ ᠵᠠᠭᠤ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠵᠠᠮ ᠬᠠᠷᠢᠯᠴᠠᠭᠠᠨ ᠤ ᠴᠠᠭᠳᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠥᠭᠬᠦ ᠳᠤ ᠬᠦᠷᠪᠡᠯ᠂ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠭᠠᠷᠭᠠᠬᠤ ᠠᠴᠠ ᠪᠠᠨ ᠡᠮᠦᠨ᠎ᠡ ᠲᠡᠭᠦᠨ ᠤ ᠡᠭᠦᠷᠭᠡ ᠲᠤᠰᠢᠶᠠᠯ ᠭᠦᠢᠴᠡᠳᠬᠡᠬᠦ ᠶᠢ ᠵᠣᠭᠰᠣᠭᠠᠵᠤ ᠪᠣᠯᠤᠨ᠎ᠠ︔ ᠴᠢᠬᠤᠯᠠᠲᠠᠶ ᠦᠶ᠎ᠡ ᠳᠤ ᠲᠤᠰᠠᠭᠠᠷᠯᠠᠨ ᠬᠤᠷᠢᠵᠤ ᠪᠣᠯᠤᠨ᠎ᠠ᠃     ᠲᠤᠰ ᠬᠠᠤᠯᠢ ᠶᠢᠨ ᠵᠠᠭᠤ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠠᠰᠠᠭ ᠵᠠᠬᠢᠷᠭᠠᠨ ᠤ ᠰᠢᠢᠳᠭᠡᠯ ᠣᠯᠤᠭᠰᠠᠨ ᠪᠠᠶᠢᠪᠠᠯ᠂ ᠠᠵᠢᠯ ᠠᠴᠠ ᠨᠢ ᠵᠣᠭᠰᠣᠭᠠᠵᠤ ᠪᠣᠯᠤᠨ᠎ᠠ᠃    ᠵᠠᠮ ᠬᠠᠷᠢᠯᠴᠠᠭᠠᠨ ᠤ ᠴᠠᠭᠳᠠᠭ᠎ᠠ ᠠᠵᠢᠯ ᠠᠴᠠ ᠪᠠᠨ ᠬᠥᠭᠡᠭᠡᠭᠳᠡᠬᠦ ᠰᠢᠢᠳᠭᠡᠯ ᠣᠯᠤᠭᠰᠠᠨ ᠪᠤᠶᠤ ᠠᠵᠢᠯ ᠠᠴᠠ ᠪᠠᠨ ᠵᠣᠭᠰᠣᠭᠠᠭᠳᠠᠭᠰᠠᠨ ᠪᠠᠶᠢᠪᠠᠯ᠂ ᠴᠠᠭᠳᠠᠭᠠᠨ ᠤ ᠴᠣᠯᠠ ᠶᠢ ᠨᠢ ᠬᠦᠴᠦᠨ ᠦᠭᠡᠢ ᠪᠣᠯᠭᠠᠬᠤ ᠬᠡᠷᠡᠭᠲᠡᠶ︔ ᠲᠤᠰᠢᠶᠠᠯ ᠠᠴᠠ ᠨᠢ ᠤᠭᠴᠠᠷᠠᠭᠤᠯᠬᠤ ᠠᠴᠠ ᠳᠣᠷᠣᠭᠰᠢᠬᠢ ᠵᠠᠰᠠᠭ ᠵᠠᠬᠢᠷᠭᠠᠨ ᠤ ᠰᠢᠢᠳᠭᠡᠯ ᠣᠯᠤᠭᠰᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠴᠠᠭᠳᠠᠭᠠᠨ ᠤ ᠴᠣᠯᠠ ᠶᠢ ᠪᠠᠭᠤᠷᠠᠭᠤᠯᠬᠤ ᠬᠡᠷᠡᠭᠲᠡᠶ᠃    ᠵᠠᠭᠤ ᠠᠷᠪᠠᠨ ᠳᠣᠯᠣᠳᠤᠭᠠᠷ ᠵᠦᠢᠯ ᠵᠠᠮ ᠬᠠᠷᠢᠯᠴᠠᠭᠠᠨ ᠤ ᠴᠠᠭᠳᠠᠭ᠎ᠠ ᠡᠷᠬᠡ ᠲᠤᠰᠢᠶᠠᠯ ᠢᠶᠠᠨ ᠠᠰᠢᠭᠯᠠᠨ ᠤᠯᠠᠨ ᠨᠡᠶᠢᠲᠡ ᠶᠢᠨ ᠵᠣᠭᠤᠰ ᠮᠥᠩᠭᠦ ᠡᠳ᠋ ᠪᠣᠳᠠᠰ ᠢ ᠬᠠᠤᠯᠢ ᠪᠤᠰᠤ ᠪᠠᠷ ᠡᠵᠡᠮᠰᠢᠵᠦ᠂ ᠬᠡᠭᠡᠯᠢ ᠠᠪᠴᠤ ᠬᠠᠭ᠋ᠤᠤᠯᠢ ᠢᠳᠡᠭᠰᠡᠨ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠠᠭᠤ ᠠᠷᠪᠠᠨ ᠨᠠᠢᠮᠠᠳᠤᠭᠠᠷ ᠵᠦᠢᠯ  ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭᠠᠨ ᠤ ᠴᠠᠭᠳᠠᠭ᠎ᠠ ᠳᠤ ᠲᠤᠰ ᠬᠠᠤᠯᠢ ᠶᠢᠨ ᠵᠠᠭᠤ ᠠᠷᠪᠠᠨ ᠲᠠᠪᠤᠳᠤᠭᠠᠷ ᠵᠦᠢᠯ ᠳᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠵᠦ᠂ ᠲᠤᠬᠠᠶ ᠶᠢᠨ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ