ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠵᠢᠷᠭᠤᠭ᠎ᠠ︶
ᠨᠡᠶᠢᠲᠡᠯᠡᠭᠰᠡᠨ ᠴᠠᠭ᠄
2024/4/25
     ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶       ᠵᠢᠷᠭᠤᠳᠤᠭᠠᠷ ᠪᠦᠯᠦᠭ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ     ᠳᠠᠯᠠᠨ ᠨᠠᠢᠮᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠴᠠᠭᠳᠠᠭ᠎ᠠ ᠶᠢ ᠬᠠᠮᠢᠶᠠᠷᠬᠤ ᠬᠠᠮᠢᠶᠠᠷᠤᠯᠲᠠ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠡᠪ ᠴᠢᠨᠠᠷ ᠪᠠ ᠵᠠᠮ ᠬᠠᠷᠢᠯᠴᠠᠭ᠎ᠠ ᠶᠢ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠴᠠᠭᠳᠠᠭ᠎ᠠ ᠳᠤ ᠬᠠᠤᠯᠢ ᠲᠦᠷᠢᠮ ᠤᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠵᠠᠮ ᠬᠠᠷᠢᠯᠴᠠᠭᠠᠨ ᠤ ᠴᠠᠭᠳᠠᠭ᠎ᠠ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠵᠢᠯ ᠤᠨ ᠪᠠᠶᠢᠷᠢ ᠳᠤ ᠭᠠᠷᠴᠤ ᠡᠭᠦᠷᠭᠡ ᠲᠤᠰᠢᠶᠠᠯ ᠭᠦᠢᠴᠡᠳᠬᠡᠵᠦ ᠪᠣᠯᠬᠤ ᠦᠭᠡᠢ᠃    ᠲᠠᠯᠠ ᠶᠢᠰᠦᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠡᠷᠡᠭᠵᠢᠭᠦᠯᠬᠦ ᠳᠤ ᠪᠠᠨ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠪᠠ ᠵᠢᠷᠤᠮ ᠢ ᠦᠨᠳᠦᠰᠦᠯᠡᠨ᠂ ᠬᠡᠷᠡᠭ ᠡᠷᠬᠢᠯᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠲᠥᠪ ᠭᠤᠣᠯᠴᠢ᠂ ᠴᠢᠩᠭ᠎ᠠ᠂ ᠪᠣᠯᠪᠠᠰᠤᠨ᠂ ᠥᠨᠳᠥᠷ ᠪᠦᠲᠦᠮᠵᠢᠲᠡᠶ ᠪᠠᠶᠢᠬᠤ ᠬᠡᠷᠡᠭᠲᠡᠶ᠃    ᠨᠠᠶᠠᠳᠤᠭᠠᠷ ᠵᠦᠢᠯ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠲᠣᠭᠲᠠᠭᠠᠯ ᠶᠣᠰᠣᠭᠠᠷ ᠬᠤᠪᠴᠠᠰᠤᠯᠠᠵᠤ᠂ ᠠᠷᠠᠳ ᠤᠨ ᠴᠠᠭᠳᠠᠭᠠᠨ ᠤ ᠢᠯᠡᠳᠬᠡᠮᠵᠢ ᠳᠡᠮᠳᠡᠭ ᠵᠡᠭᠦᠵᠦ᠂ ᠠᠷᠠᠳ ᠤᠨ ᠴᠠᠭᠳᠠᠭᠠᠨ ᠤ ᠭᠡᠷᠡᠴᠢ ᠦᠨᠡᠮᠯᠡᠯ ᠲᠠᠢ ᠪᠠᠶᠢᠵᠤ᠂ ᠴᠠᠭᠳᠠᠭᠠᠨ ᠤ ᠳᠦᠷᠰᠦ ᠪᠠᠶᠢᠳᠠᠯ ᠨᠢ ᠲᠥᠪ ᠴᠢᠩᠭ᠎ᠠ᠂ ᠬᠥᠳᠡᠯᠵᠦ ᠪᠠᠷᠢᠬᠤ ᠨᠢ ᠲᠥᠪᠯᠡᠭᠦᠨ ᠪᠠᠶᠢᠬᠤ᠂ ᠵᠢᠯᠤᠭᠤᠳᠤᠯᠭ᠎ᠠ ᠨᠢ ᠵᠢᠷᠤᠮᠵᠢᠯ ᠲᠠᠢ ᠪᠠᠶᠢᠬᠤ ᠶᠢ ᠪᠠᠲᠤᠯᠠᠬᠤ ᠬᠡᠷᠡᠭᠲᠡᠶ᠃    ᠨᠠᠶᠠᠨ ᠨᠢᠭᠡᠳᠦᠭᠡᠷ ᠵᠦᠢᠯ ᠲᠤᠰ ᠬᠠᠤᠯᠢ ᠶᠢᠨ ᠶᠣᠰᠣᠭᠠᠷ ᠫᠠᠶᠢᠰᠠ ᠦᠨᠡᠮᠯᠡᠯ ᠣᠯᠭᠤᠬᠤ ᠵᠡᠷᠭᠡ ᠳᠤ ᠬᠥᠯᠥᠰᠥ ᠦᠷᠳᠡᠭ ᠤᠨ ᠵᠠᠷᠤᠳᠠᠯ ᠬᠤᠷᠢᠶᠠᠬᠤ ᠳᠤ ᠪᠠᠨ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠪᠥᠬᠦᠳᠡ ᠶᠢ ᠤᠯᠤᠰ ᠤᠨ ᠰᠠᠩ ᠳᠤ ᠲᠤᠰᠢᠶᠠᠬᠤ ᠬᠡᠷᠡᠭᠲᠡᠶ᠃    ᠨᠠᠶᠠᠨ ᠬᠤᠶᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠭᠡᠯ ᠢ ᠬᠡᠷᠡᠭᠵᠢᠭᠦᠯᠬᠦ ᠳᠤ ᠪᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠲᠣᠭᠲᠠᠭᠠᠯ ᠭᠠᠷᠭᠠᠬᠤ ᠪᠠ ᠲᠣᠷᠭᠠᠭᠤᠯᠢ ᠶᠢᠨ ᠵᠣᠭᠤᠰ ᠢ ᠬᠤᠷᠢᠶᠠᠨ ᠠᠪᠬᠤ ᠶᠢ ᠰᠠᠯᠭᠠᠬᠤ ᠶᠢ ᠬᠡᠷᠡᠭᠵᠢᠭᠦᠯᠬᠦ ᠬᠡᠷᠡᠭᠲᠡᠶ︔ ᠬᠤᠷᠢᠶᠠᠨ ᠠᠪᠤᠭᠰᠠᠨ ᠲᠣᠷᠭᠠᠭᠤᠯᠢ ᠶᠢᠨ ᠵᠣᠭᠤᠰ ᠵᠢᠴᠢ ᠬᠠᠤᠯᠢ ᠶᠣᠰᠣᠭᠠᠷ ᠬᠤᠷᠢᠶᠠᠨ ᠠᠪᠤᠭᠰᠠᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠪᠥᠬᠦᠳᠡ ᠶᠢ ᠤᠯᠤᠰ ᠤᠨ ᠰᠠᠩ ᠳᠤ ᠲᠤᠰᠢᠶᠠᠬᠤ ᠬᠡᠷᠡᠭᠲᠡᠶ᠃    ᠨᠠᠶᠠᠨ ᠭᠤᠷᠪᠠᠳᠤᠭᠠᠷ ᠵᠦᠢᠯ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠵᠠᠮ ᠬᠠᠷᠢᠯᠴᠠᠭᠠᠨ ᠤ ᠭᠡᠨᠡᠳᠡᠯ ᠢ ᠪᠠᠶᠢᠴᠠᠭᠠᠨ ᠰᠢᠢᠳᠪᠦᠷᠢᠯᠡᠬᠦ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠵᠠᠶᠢᠯᠠᠬᠤ ᠬᠡᠷᠡᠭᠲᠡᠶ᠄    ︵ᠨᠢᠭᠡ︶ ᠲᠤᠰ ᠬᠡᠷᠡᠭ ᠤᠨ ᠲᠤᠬᠠᠶ ᠶᠢᠨ ᠬᠥᠮᠦᠨ ᠪᠤᠶᠤ ᠲᠤᠬᠠᠶ ᠶᠢᠨ ᠬᠥᠮᠦᠨ ᠤ ᠤᠢᠢᠷ᠎ᠠ ᠲᠦᠷᠦᠯ ᠰᠡᠳᠦᠠ︔    ︵ᠬᠤᠶᠠᠷ︶ ᠲᠤᠰ ᠬᠥᠮᠦᠨ ᠪᠤᠶᠤ ᠲᠡᠭᠦᠨ ᠤ ᠤᠢᠢᠷ᠎ᠠ ᠲᠦᠷᠦᠯ ᠰᠡᠳᠦᠠ ᠨᠢ ᠲᠤᠰ ᠬᠡᠷᠡᠭ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔    ︵ᠭᠤᠷᠪᠠ︶ ᠲᠤᠰ ᠬᠡᠷᠡᠭ ᠤᠨ ᠲᠤᠬᠠᠶ ᠶᠢᠨ ᠬᠥᠮᠦᠨ ᠲᠠᠢ ᠪᠤᠰᠤᠳ ᠬᠠᠷᠢᠴᠠᠭ᠎ᠠ ᠲᠠᠢ ᠪᠠᠶᠢᠵᠤ᠂ ᠬᠡᠷᠡᠭ ᠢ ᠭᠤᠣᠯᠴᠢ ᠪᠠᠷ ᠰᠢᠢᠳᠪᠦᠷᠢᠯᠡᠬᠦ ᠶᠢ ᠨᠥᠯᠥᠭᠡᠯᠡᠵᠦ ᠮᠡᠳᠡᠬᠦ᠃    ᠨᠠᠶᠠᠨ ᠳᠥᠷᠪᠡᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠶᠢ ᠬᠦᠯᠢᠶᠡᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃    ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠤᠤᠷᠠᠳᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠢᠨᠠᠯᠲᠠ ᠲᠠᠯᠪᠢᠬᠤ ᠬᠡᠷᠡᠭᠳᠡᠢ᠃    ᠨᠠᠶᠠᠨ ᠲᠠᠪᠤᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠨᠡᠶᠢᠭᠡᠮ ᠨᠡᠶᠢᠲᠡ ᠶᠢᠨ ᠪᠠ ᠠᠷᠠᠳ ᠢᠷᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃    ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠪᠠᠶᠢᠬᠤ ᠵᠢᠴᠢ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ᠂ ᠵᠠᠭᠠᠯᠳᠤᠬᠤ ᠡᠷᠬᠡ ᠲᠠᠢ᠃ ᠢᠯᠡᠴᠢᠯᠡᠯᠲᠡ᠂ ᠵᠠᠭᠠᠯᠳᠤᠯᠭ᠎ᠠ ᠶᠢ ᠬᠦᠯᠢᠶᠡᠵᠦ ᠠᠪᠤᠭᠰᠠᠨ ᠪᠠᠶᠢᠭᠤᠯᠭ᠎ᠠ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    ᠨᠠᠶᠠᠨ ᠵᠢᠷᠭᠤᠳᠤᠭᠠᠷ ᠵᠦᠢᠯ ᠵᠠᠮᠠᠷᠪᠠ ᠨᠢᠭᠡᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠣᠭᠤᠰ ᠢᠶᠠᠷ ᠲᠣᠷᠭᠠᠬᠤ ᠭᠦᠢᠴᠡᠳᠬᠡᠯ ᠲᠤᠭ᠎ᠠ ᠶᠢ ᠪᠠᠭᠤᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠭᠤᠯᠭᠠᠵᠤ ᠪᠣᠯᠬᠤ ᠦᠭᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠭᠤᠰ ᠢᠶᠠᠷ ᠲᠣᠷᠭᠠᠬᠤ ᠲᠤᠭ᠎ᠠ ᠪᠠᠷ ᠵᠠᠮ ᠬᠠᠷᠢᠯᠴᠠᠭᠠᠨ ᠤ ᠴᠠᠭᠳᠠᠭ᠎ᠠ ᠶᠢ ᠬᠢᠨᠠᠨ ᠰᠢᠯᠭᠠᠬᠤ ᠪᠠᠷᠢᠮᠵᠢᠶ᠎ᠠ ᠪᠣᠯᠭᠠᠵᠤ ᠪᠣᠯᠬᠤ ᠦᠭᠡᠢ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠳᠠᠪᠠᠭᠰᠠᠨ ᠵᠠᠷᠯᠢᠭ ᠢ ᠬᠡᠷᠡᠭᠵᠢᠭᠦᠯᠬᠦ ᠶᠢ ᠲᠡᠪᠴᠢᠬᠦ ᠡᠷᠬᠡ ᠲᠠᠢ ᠪᠥᠭᠡᠳ ᠳᠡᠭᠡᠳᠦ ᠱᠠᠲᠤᠨ ᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ