ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠲᠠᠪᠤ︶
ᠨᠡᠶᠢᠲᠡᠯᠡᠭᠰᠡᠨ ᠴᠠᠭ᠄
2024/4/25
     ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶      ᠲᠠᠪᠤᠳᠤᠭᠠᠷ ᠪᠦᠯᠦᠭ  ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠬᠦ     ᠳᠠᠯᠠᠳᠤᠭᠠᠷ ᠵᠦᠢᠯ  ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠪᠠᠯ᠂ ᠲᠡᠷᠭᠡᠨ ᠤ ᠵᠢᠯᠣᠭᠤᠴᠢ ᠲᠡᠷᠡ ᠳᠠᠷᠤᠶ ᠳᠤ ᠨᠢ ᠲᠡᠷᠭᠡ ᠪᠠᠨ ᠵᠣᠭᠰᠣᠭᠠᠵᠤ᠂ ᠲᠤᠬᠠᠶ ᠶᠢᠨ ᠲᠠᠯᠠᠪᠤᠷ ᠢ ᠬᠠᠮᠠᠭᠠᠯᠠᠬᠤ ᠬᠡᠷᠡᠭᠲᠡᠶ︔ ᠬᠥᠮᠦᠨ ᠢ ᠦᠬᠦᠭᠦᠯᠵᠦ ᠰᠢᠷᠬᠠᠲᠤᠭᠤᠯᠤᠭᠰᠠᠨ ᠪᠠᠶᠢᠪᠠᠯ᠂ ᠲᠡᠷᠭᠡᠨ ᠤ ᠵᠢᠯᠣᠭᠤᠴᠢ ᠨᠢ ᠰᠢᠷᠬᠠᠲᠤᠭᠰᠠᠳ ᠢ ᠲᠡᠷᠡ ᠳᠠᠷᠤᠶ ᠳᠤ ᠨᠢ ᠲᠦᠷᠭᠡᠨ ᠠᠪᠤᠷᠠᠬᠤ ᠶᠢᠨ ᠬᠠᠮᠲᠤ ᠡᠭᠦᠷᠭᠡ ᠭᠦᠢᠴᠡᠳᠬᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠳᠲᠡᠷ ᠲᠦᠷᠭᠡᠨ ᠮᠡᠳᠡᠭᠦᠯᠬᠦ ᠬᠡᠷᠡᠭᠲᠡᠶ᠃ ᠰᠢᠷᠬᠠᠲᠤᠭᠰᠠᠨ ᠬᠥᠮᠦᠨ ᠢ ᠲᠦᠷᠭᠡᠨ ᠠᠪᠤᠷᠠᠬᠤ ᠶᠢᠨ ᠬᠠᠷᠠᠭ᠎ᠠ ᠪᠠᠷ ᠬᠡᠷᠡᠭ ᠤᠨ ᠲᠠᠯᠠᠪᠠᠢ ᠶᠢ ᠬᠤᠪᠢᠷᠠᠭᠤᠯᠤᠭᠰᠠᠨ ᠪᠠᠶᠢᠪᠠᠯ᠂ ᠣᠷᠣᠨ ᠪᠠᠶᠢᠷᠢ ᠶᠢ ᠨᠢ ᠲᠣᠳᠣᠷᠬᠠᠶᠢᠯᠠᠵᠤ ᠥᠭᠬᠦ ᠬᠡᠷᠡᠭᠲᠡᠶ᠃ ᠲᠡᠷᠭᠡᠨ ᠳᠤ ᠰᠠᠭᠤᠭᠴᠢ᠂ ᠨᠠᠭᠠᠰᠢ ᠴᠠᠭᠠᠰᠢ ᠥᠩᠭᠡᠷᠡᠬᠦ ᠲᠡᠷᠭᠡᠨ ᠤ ᠵᠢᠯᠣᠭᠤᠴᠢ᠂ ᠨᠠᠭᠠᠰᠢ ᠴᠠᠭᠠᠰᠢ ᠥᠩᠭᠡᠷᠡᠬᠦ ᠶᠠᠪᠠᠭᠠᠨ ᠬᠥᠮᠦᠨ ᠬᠠᠮᠵᠢᠬᠤ ᠬᠡᠷᠡᠭᠲᠡᠶ᠃    ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠤᠭᠠᠳ ᠬᠥᠮᠦᠨ ᠢ ᠦᠬᠦᠭᠦᠯᠵᠦ ᠰᠢᠷᠬᠠᠲᠤᠭᠤᠯᠤᠭᠰᠠᠨ ᠦᠭᠡᠢ ᠪᠥᠭᠡᠳ ᠲᠤᠬᠠᠶ ᠶᠢᠨ ᠬᠥᠮᠦᠨ ᠨᠢ ᠪᠣᠳᠠᠲᠤ ᠬᠡᠷᠡᠭ ᠵᠢᠴᠢ ᠪᠤᠢ ᠪᠣᠯᠤᠭᠰᠠᠨ ᠰᠢᠯᠲᠠᠭᠠᠨ ᠤ ᠲᠤᠬᠠᠶ ᠮᠠᠷᠭᠤᠯᠳᠤᠭᠠᠨ ᠦᠭᠡᠢ ᠪᠠᠶᠢᠪᠠᠯ᠂ ᠲᠡᠷᠡ ᠳᠠᠷᠤᠶ ᠳᠤ ᠨᠢ ᠬᠡᠷᠡᠭ ᠤᠨ ᠲᠠᠯᠠᠪᠠᠢ ᠠᠴᠠ ᠵᠠᠶᠢᠯᠠᠵᠤ᠂ ᠵᠠᠮ ᠬᠠᠷᠢᠯᠴᠠᠭ᠎ᠠ ᠶᠢ ᠰᠡᠷᠭᠦᠭᠡᠵᠦ᠂ ᠬᠤᠬᠢᠷᠠᠯ ᠢ ᠲᠦᠯᠦᠬᠦ ᠤᠴᠢᠷ ᠶᠠᠪᠤᠳᠠᠯ ᠢ ᠥᠪᠡᠰᠦᠪᠡᠨ ᠵᠥᠪᠳᠡᠯᠴᠡᠨ ᠰᠢᠢᠳᠪᠦᠷᠢᠯᠡᠵᠦ ᠪᠣᠯᠤᠨ᠎ᠠ︔ ᠲᠤᠬᠠᠶ ᠶᠢᠨ ᠲᠠᠯᠠᠪᠤᠷ ᠠᠴᠠ ᠳᠠᠷᠦ᠋ᠢᠬᠠᠨ ᠵᠠᠶᠢᠯᠠᠬᠤ ᠦᠭᠡᠢ ᠪᠠᠶᠢᠪᠠᠯ᠂ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠳᠲᠡᠷ ᠲᠦᠷᠭᠡᠨ ᠮᠡᠳᠡᠭᠦᠯᠬᠦ ᠬᠡᠷᠡᠭᠲᠡᠶ᠃    ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠤᠭᠠᠳ ᠵᠥᠪᠬᠡᠨ ᠡᠳ᠋ ᠬᠥᠷᠤᠩᠭᠡ ᠶᠢᠨ ᠬᠥᠩᠭᠡᠪᠲᠦᠷ ᠬᠤᠬᠢᠷᠠᠯ ᠤᠴᠠᠷᠠᠭᠤᠯᠤᠭᠰᠠᠨ ᠪᠥᠭᠡᠳ ᠦᠨᠳᠦᠰᠦᠨ ᠪᠣᠳᠠᠲᠤ ᠬᠡᠷᠡᠭ ᠨᠢ ᠲᠣᠳᠣᠷᠬᠠᠶ ᠪᠠᠶᠢᠪᠠᠯ᠂ ᠲᠤᠬᠠᠶ ᠶᠢᠨ ᠬᠥᠮᠦᠨ ᠨᠢ ᠤᠷᠢᠳᠠᠪᠠᠷ ᠬᠡᠷᠡᠭ ᠤᠨ ᠲᠠᠯᠠᠪᠠᠢ ᠠᠴᠠ ᠵᠠᠶᠢᠯᠠᠭᠰᠠᠨ ᠤ ᠲᠠᠷᠠᠭ᠎ᠠ ᠰᠠᠶ᠋ᠢ ᠵᠥᠪᠳᠡᠯᠴᠡᠨ ᠰᠢᠢᠳᠪᠦᠷᠢᠯᠡᠬᠦ ᠬᠡᠷᠡᠭᠲᠡᠶ᠃    ᠳᠠᠯᠠᠨ ᠨᠢᠭᠡᠳᠦᠭᠡᠷ ᠵᠦᠢᠯ ᠲᠡᠷᠭᠡ ᠬᠥᠰᠬᠡ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠤ ᠳᠠᠷᠠᠭ᠎ᠠ ᠳᠤᠲᠠᠭᠠᠭᠰᠠᠨ ᠪᠠᠶᠢᠪᠠᠯ᠂ ᠡ᠊ᠨᠳᠡᠯ ᠭᠠᠷᠤᠭᠰᠠᠨ ᠲᠤᠬᠠᠶ ᠶᠢᠨ ᠲᠠᠯᠠᠪᠤᠷ ᠢ ᠣᠯᠵᠤ ᠦᠵᠡᠭᠰᠡᠨ ᠬᠥᠮᠦᠰ ᠪᠠ ᠪᠠᠶᠢᠳᠠᠯ ᠢ ᠮᠡᠳᠡᠬᠦ ᠪᠤᠰᠤᠳ ᠬᠥᠮᠦᠰ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠵᠠᠮ ᠬᠠᠷᠢᠯᠴᠠᠭᠠᠨ ᠤ ᠴᠠᠭᠳᠠᠭ᠎ᠠ ᠳᠤ ᠢᠯᠡᠴᠢᠯᠡᠨ ᠮᠡᠳᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠱᠠᠩᠨᠠᠨ ᠬᠥᠬᠢᠭᠦᠯᠬᠦ ᠬᠡᠷᠡᠭᠲᠡᠶ᠃    ᠲᠠᠯᠠᠨ ᠬᠤᠶᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠭᠡᠨᠡᠳᠡᠯ ᠤᠨ ᠰᠡᠷᠡᠮᠵᠢ ᠶᠢᠨ ᠮᠡᠳᠡᠭᠡ ᠶᠢ ᠣᠯᠤᠭᠰᠠᠨ ᠤ ᠲᠠᠷᠠᠭ᠎ᠠ᠂ ᠲᠡᠷᠡ ᠳᠠᠷᠤᠶ ᠳᠤ ᠨᠢ ᠵᠠᠮ ᠬᠠᠷᠢᠯᠴᠠᠭᠠᠨ ᠤ ᠴᠠᠭᠳᠠᠭ᠎ᠠ ᠶᠢ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ᠂ ᠰᠢᠷᠬᠠᠲᠤᠭᠰᠠᠳ ᠢ ᠠᠪᠤᠷᠠᠬᠤ ᠠᠵᠢᠯ ᠢ ᠤᠷᠢᠳᠠᠪᠠᠷ ᠵᠣᠬᠢᠶᠠᠨ ᠪᠠᠶᠢᠭᠤᠯᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭ᠎ᠠ ᠶᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠶ᠃    ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠭᠡᠨᠡᠳᠡᠯ ᠤᠨ ᠬᠡᠷᠡᠭ ᠤᠨ ᠳᠠᠯᠠᠪᠠᠢ ᠶᠢ ᠬᠠᠶᠢᠨ ᠰᠢᠯᠭᠠᠵᠤ᠂ ᠪᠠᠶᠢᠴᠠᠭᠠᠵᠤ᠂ ᠭᠡᠷᠡᠴᠢ ᠪᠠᠷᠢᠮᠲᠠ ᠴᠤᠭᠯᠠᠭᠤᠯᠬᠤ ᠬᠡᠷᠡᠭᠲᠡᠶ︔ ᠭᠡᠷᠡᠴᠢ ᠪᠠᠷᠢᠮᠲᠠ ᠴᠤᠭᠯᠠᠭᠤᠯᠬᠤ ᠬᠡᠷᠡᠭᠴᠡᠭᠡ ᠠᠴᠠ ᠪᠤᠯᠵᠦ ᠡ᠊ᠨᠳᠡᠯ ᠭᠠᠷᠤᠭᠰᠠᠨ ᠲᠡᠷᠭᠡ ᠶᠢ ᠬᠤᠴᠣᠷᠭᠠᠨ ᠠᠪᠴᠤ ᠪᠣᠯᠤᠨ᠎ᠠ᠂ ᠭᠡᠪᠡᠴᠦ ᠰᠠᠶᠢᠲᠤᠷ ᠬᠠᠳᠠᠭᠠᠯᠠᠨ ᠬᠠᠮᠢᠶᠠᠷᠴᠤ᠂ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃    ᠲᠤᠬᠠᠶ ᠶᠢᠨ ᠬᠥᠮᠦᠨ ᠤ ᠪᠡᠶ᠎ᠡ ᠮᠠᠬᠠᠪᠣᠳ᠂ ᠣᠶᠣᠨ ᠮᠡᠳᠡᠷᠡᠯ ᠤᠨ ᠪᠠᠶᠢᠳᠠᠯ ᠵᠡᠷᠭᠡ ᠶᠢᠨ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠯᠭᠠᠨ ᠪᠠᠶᠢᠴᠠᠭᠠᠯᠲᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠬᠠᠶ ᠪᠠᠶᠢᠭᠤᠯᠤᠮᠵᠢ ᠳᠤ ᠨᠠᠶᠢᠳᠠᠵᠤ ᠰᠢᠯᠭᠠᠨ ᠲᠣᠭᠲᠠᠭᠠᠯᠭᠠᠬᠤ ᠬᠡᠷᠡᠭᠲᠡᠶ᠃ ᠰᠢᠯᠭᠠᠨ ᠲᠣᠭᠲᠠᠭᠠᠭᠰᠠᠨ ᠳ᠋ᠦᠩ ᠳᠤ ᠰᠢᠯᠭᠠᠨ ᠲᠣᠭᠲᠠᠭᠠᠭᠴᠢ ᠭᠠᠷ ᠤᠨ ᠤᠢᠰᠦᠭ ᠵᠢᠷᠤᠬᠤ ᠬᠡᠷᠡᠭᠲᠡᠶ᠃    ᠲᠠᠯᠠᠨ ᠭᠤᠷᠪᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠭᠡᠨᠡᠳᠡᠯ ᠤᠨ ᠬᠡᠷᠡᠭ ᠤᠨ ᠳᠠᠯᠠᠪᠠᠢ ᠶᠢ ᠬᠠᠶᠢᠨ ᠰᠢᠯᠭᠠᠭᠰᠠᠨ᠂ ᠪᠠᠶᠢᠴᠠᠭᠠᠭᠰᠠᠨ᠂ ᠪᠠᠶᠢᠴᠠᠭᠠᠭᠰᠠᠨ ᠪᠠᠶᠢᠳᠠᠯ ᠪᠣᠯᠤᠨ ᠬᠤᠯᠪᠣᠭᠳᠠᠯ ᠪᠦᠬᠦᠢ ᠰᠢᠯᠭᠠᠨ ᠪᠠᠶᠢᠴᠠᠭᠠᠯᠲᠠ᠂ ᠬᠢᠨᠠᠨ ᠲᠣᠭᠲᠠᠭᠠᠯᠲᠠ ᠶᠢᠨ ᠳ᠋ᠦᠩᠨᠡᠯᠲᠡ ᠶᠢ ᠦᠨᠳᠦᠰᠦᠯᠡᠨ᠂ ᠵᠠᠮ ᠬᠠᠷᠢᠯᠴᠠᠭᠠᠨ ᠤ ᠭᠡᠨᠡᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠢ ᠴᠠᠭ ᠲᠤᠬᠠᠶ ᠳᠤ ᠨᠢ ᠵᠣᠬᠢᠶᠠᠵᠤ᠂ ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠬᠦ ᠭᠡᠷᠡᠴᠢ ᠪᠠᠷᠢᠮᠲᠠ ᠪᠣᠯᠭᠠᠬᠤ ᠬᠡᠷᠡᠭᠲᠡᠶ᠃ ᠵᠠᠮ ᠬᠠᠷᠢᠯᠴᠠᠭᠠᠨ ᠤ ᠭᠡᠨᠡᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠲᠤ ᠵᠠᠮ ᠬᠠᠷᠢᠯᠴᠠᠭᠠᠨ ᠤ ᠭᠡᠨᠡᠳᠡᠯ ᠤᠨ ᠦᠨᠳᠦᠰᠦᠨ ᠪᠣᠳᠠᠲᠤ ᠬᠡᠷᠡᠭ᠂ ᠪᠦᠲᠦᠭᠰᠡᠨ ᠰᠢᠯᠲᠠᠭᠠᠨ ᠪᠠ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠲᠣᠳᠣᠷᠬᠠᠶ ᠪᠢᠴᠢᠬᠦ ᠶᠢᠨ ᠬᠠᠮᠲᠤ ᠲᠤᠬᠠᠶ ᠶᠢᠨ ᠬᠥᠮᠦᠨ ᠳᠤ ᠬᠦᠷᠭᠡᠬᠦ ᠬᠡᠷᠡᠭᠲᠡᠶ᠃    ᠳᠠᠯᠠᠨ ᠳᠥᠷᠪᠡᠳᠦᠭᠡᠷ ᠵᠦᠢᠯ ᠲᠤᠬᠠᠶ ᠶᠢᠨ ᠬᠥᠮᠦᠨ ᠵᠠᠮ ᠬᠠᠷᠢᠯᠴᠠᠭᠠᠨ ᠤ ᠭᠡᠨᠡᠳᠡᠯ ᠤᠨ ᠬᠤᠬᠢᠷᠠᠯ ᠢ ᠲᠦᠯᠦᠬᠦ ᠲᠤᠬᠠᠶ ᠮᠠᠷᠭᠤᠯᠳᠤᠭᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠡᠶᠡᠳᠡᠭᠦᠯᠦᠭᠦᠯᠬᠦ ᠪᠠᠷ ᠭᠤᠶᠤᠴᠢᠯᠠᠵᠤ ᠪᠣᠯᠤᠨ᠎ᠠ᠂ ᠠᠷᠠᠳ ᠤᠨ ᠰᠢᠭᠦᠬᠦ ᠬᠤᠷᠢᠶᠠᠨ ᠳᠤ ᠰᠢᠭᠤᠳ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠶᠡᠳᠡᠭᠦᠯᠭᠡ ᠪᠠᠷ ᠳᠠᠮᠵᠢᠭᠠᠳ ᠲᠤᠬᠠᠶ ᠶᠢᠨ ᠬᠥᠮᠦᠨ ᠨᠢ ᠬᠡᠯᠡᠯᠴᠡᠭᠡᠷ ᠲᠣᠭᠲᠠᠵᠤ ᠴᠢᠳᠠᠭᠰᠠᠨ ᠦᠭᠡᠢ ᠪᠤᠶᠤ ᠡᠶᠡᠳᠡᠭᠦᠯᠭᠡ ᠶᠢᠨ ᠪᠢᠴᠢᠭ ᠬᠦᠴᠦᠨ ᠲᠠᠢ ᠪᠣᠯᠤᠭᠰᠠᠨ ᠤ ᠳᠠᠷᠠᠭ᠎ᠠ ᠭᠦᠢᠴᠡᠳᠬᠡᠬᠦ ᠦᠭᠡᠢ ᠪᠠᠶᠢᠪᠠᠯ᠂ ᠲᠤᠬᠠᠶ ᠶᠢᠨ ᠬᠥᠮᠦᠨ ᠨᠢ ᠠᠷᠠᠳ ᠤᠨ ᠰᠢᠭᠦᠬᠦ ᠬᠤᠷᠢᠶᠠᠨ ᠳᠤ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠵᠤ ᠪᠣᠯᠤᠨ᠎ᠠ᠃    ᠳᠠᠯᠠᠨ ᠲᠠᠪᠤᠳᠤᠭᠠᠷ ᠵᠦᠢᠯ ᠡᠮ ᠡᠮᠨᠡᠯᠭᠡ ᠶᠢᠨ ᠪᠠᠶᠢᠭᠤᠯᠤᠮᠵᠢ ᠵᠠᠮ ᠬᠠᠷᠢᠯᠴᠠᠭᠠᠨ ᠤ ᠭᠡᠨᠡᠳᠡᠯ ᠤᠨ ᠳᠤᠮᠳᠠ ᠰᠢᠷᠬᠠᠲᠤᠭᠰᠠᠨ ᠬᠥᠮᠦᠨ ᠢ ᠴᠠᠭ ᠲᠤᠬᠠᠶ ᠳᠤ ᠨᠢ ᠲᠦᠷᠭᠡᠨ ᠠᠪᠤᠷᠠᠬᠤ ᠬᠡᠷᠡᠭᠲᠡᠶ᠂ ᠲᠦᠷᠭᠡᠨ ᠠᠪᠤᠷᠠᠬᠤ ᠵᠠᠷᠤᠳᠠᠯ ᠢ ᠴᠠᠭ ᠲᠤᠬᠠᠶ ᠳᠤ ᠨᠢ ᠥᠭᠭᠦᠭᠰᠡᠨ ᠦᠭᠡᠢ ᠠᠴᠠ ᠪᠤᠯᠵᠤ ᠠᠪᠤᠷᠠᠨ ᠵᠠᠰᠠᠬᠤ ᠶᠢ ᠤᠳᠠᠭᠠᠰᠢᠷᠠᠭᠤᠯᠵᠤ ᠪᠣᠯᠬᠤ ᠦᠭᠡᠢ᠃ ᠬᠡᠷᠡᠭ ᠭᠠᠷᠭᠠᠭᠰᠠᠨ ᠲᠡᠷᠭᠡ ᠮᠠᠰᠢᠨᠲᠤ ᠲᠡᠷᠭᠡᠨ ᠤ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠳᠠᠭᠠᠳᠬᠠᠯ ᠤᠨ ᠺᠣᠮᠫᠠᠨᠢ ᠠᠴᠠ ᠲᠦᠷᠭᠡᠨ ᠠᠪᠤᠷᠠᠬᠤ ᠵᠠᠷᠤᠳᠠᠯ ᠢ ᠬᠠᠷᠢᠭᠤᠴᠠᠯᠭ᠎ᠠ ᠶᠢᠨ ᠬᠢᠵᠠᠭᠠᠷ ᠲᠣᠭᠠᠨ ᠤ ᠬᠡᠪᠴᠢᠶᠡᠨ ᠳᠣᠲᠣᠷ᠎ᠠ ᠥᠭᠭᠦᠨ᠎ᠡ︔ ᠲᠦᠷᠭᠡᠨ ᠠᠪᠤᠷᠠᠬᠤ ᠵᠠᠷᠤᠳᠠᠯ ᠨᠢ ᠬᠠᠷᠢᠭᠤᠴᠠᠯᠭ᠎ᠠ ᠶᠢᠨ ᠬᠢᠵᠠᠭᠠᠷ ᠲᠣᠭᠠᠨ ᠠᠴᠠ ᠬᠡᠲᠦᠷᠡᠭᠰᠡᠨ᠂ ᠮᠠᠰᠢᠨᠲᠤ ᠲᠡᠷᠭᠡᠨ ᠤ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠳᠤ ᠣᠷᠣᠯᠴᠠᠭᠰᠠᠨ ᠦᠭᠡᠢ ᠪᠤᠶᠤ ᠬᠡᠷᠡᠭ ᠭᠠᠷᠭᠠᠭᠰᠠᠨ ᠤ ᠳᠠᠷᠠᠭ᠎ᠠ ᠳᠤᠲᠠᠭᠠᠭᠰᠠᠨ ᠪᠠᠶᠢᠪᠠᠯ᠂ ᠵᠠᠮ ᠬᠠᠷᠢᠯᠴᠠᠭᠠᠨ ᠤ ᠭᠡᠨᠡᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠲᠦᠷᠭᠡᠨ ᠠᠪᠤᠷᠠᠬᠤ ᠵᠠᠷᠤᠳᠠᠯ ᠤᠨ ᠬᠡᠰᠡᠭ ᠢ ᠪᠤᠶᠤ ᠪᠦᠬᠦᠨ ᠢ ᠤᠷᠢᠳᠠᠪᠠᠷ ᠣᠷᠣᠯᠠᠨ ᠥᠭᠭᠦᠨ᠎ᠡ᠂ ᠵᠠᠮ ᠬᠠᠷᠢᠯᠴᠠᠭᠠᠨ ᠤ ᠭᠡᠨᠡᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠲᠠᠢ ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃    ᠲᠠᠯᠠᠨ ᠵᠢᠷᠭᠤᠳᠤᠭᠠᠷ ᠵᠦᠢᠯ ᠮᠠᠰᠢᠨᠲᠤ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠠᠴᠠ ᠪᠤᠯᠵᠤ ᠬᠥᠮᠦᠨ ᠢ ᠰᠢᠷᠬᠠᠲᠤᠭᠤᠯᠵᠤ ᠦᠬᠦᠭᠦᠯᠦᠭᠰᠡᠨ᠂ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠳᠠᠭᠠᠳᠬᠠᠯ ᠤᠨ ᠺᠣᠮᠫᠠᠨᠢ ᠠᠴᠠ ᠮᠠᠰᠢᠨᠲᠤ ᠲᠡᠷᠭᠡᠨ ᠤ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠤ ᠲᠣᠭᠠᠨ ᠤ ᠬᠡᠪᠴᠢᠶᠡᠨ ᠳᠣᠲᠣᠷ᠎ᠠ ᠲᠦᠯᠦᠵᠦ ᠥᠭᠭᠦᠨ᠎ᠡ︔ ᠬᠦᠷᠦᠯᠴᠡᠬᠦ ᠦᠭᠡᠢ ᠬᠡᠰᠡᠭ ᠲᠤ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠄    ︵ᠨᠢᠭᠡ︶ ᠮᠠᠰᠢᠨᠲᠤ ᠲᠡᠷᠭᠡ ᠶᠢᠨ ᠬᠤᠭᠤᠷᠣᠨᠳᠣ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠪᠠᠶᠢᠪᠠᠯ᠂ ᠪᠤᠷᠤᠭᠤ ᠲᠠᠢ ᠲᠠᠯ᠎ᠠ ᠨᠢ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ︔ ᠬᠤᠶᠠᠷ ᠲᠠᠯ᠎ᠠ ᠪᠠᠷ ᠢᠶᠠᠨ ᠴᠥᠮ ᠪᠤᠷᠤᠭᠤ ᠲᠠᠢ ᠪᠠᠶᠢᠪᠠᠯ᠂ ᠲᠤᠰ ᠲᠤᠰ ᠤᠨ ᠪᠤᠷᠤᠭᠤ ᠶᠢᠨ ᠬᠠᠷᠢᠴᠠᠯ ᠢᠶᠠᠷ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠨ᠎ᠡ᠃    ︵ᠬᠤᠶᠠᠷ︶ ᠮᠠᠰᠢᠨᠲᠤ ᠲᠡᠷᠭᠡ ᠪᠣᠯᠤᠨ ᠮᠠᠰᠢᠨᠲᠤ ᠪᠤᠰᠤ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ ᠤ ᠬᠤᠭᠤᠷᠣᠨᠳᠣ ᠵᠠᠮ ᠬᠠᠷᠢᠯᠴᠠᠭᠠᠨ ᠤ ᠭᠡᠨᠡᠳᠡᠯ ᠭᠠᠷᠤᠭᠠᠳ᠂ ᠮᠠᠰᠢᠨᠲᠤ ᠪᠤᠰᠤ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ ᠪᠤᠷᠤᠭᠤ ᠦᠭᠡᠢ ᠪᠠᠶᠢᠪᠠᠯ᠂ ᠮᠠᠰᠢᠨᠲᠤ ᠲᠡᠷᠭᠡᠨ ᠤ ᠲᠠᠯ᠎ᠠ ᠶᠢᠨ ᠬᠢᠨ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ︔ ᠮᠠᠰᠢᠨᠲᠤ ᠪᠤᠰᠤ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ ᠪᠤᠷᠤᠭᠤ ᠲᠠᠢ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠪᠠᠯ᠂ ᠪᠤᠷᠤᠭᠤᠳᠠᠭᠰᠠᠨ ᠬᠡᠮᠵᠢᠶ᠎ᠡ ᠶᠢ ᠦᠨᠳᠦᠰᠦᠯᠡᠨ ᠮᠠᠰᠢᠨᠲᠤ ᠲᠡᠷᠭᠡᠨ ᠤ ᠲᠠᠯ᠎ᠠ ᠶᠢᠨ ᠬᠢᠨ ᠤ ᠲᠦᠯᠦᠬᠦ ᠬᠠᠷᠢᠭᠤᠴᠠᠯᠭ᠎ᠠ ᠶᠢ ᠵᠣᠬᠢᠰᠲᠠᠶ ᠪᠠᠷ ᠬᠥᠩᠭᠡᠷᠡᠭᠦᠯᠦᠨ᠎ᠡ︔ ᠮᠠᠰᠢᠨᠲᠤ ᠲᠡᠷᠭᠡᠨ ᠤ ᠲᠠᠯ᠎ᠠ ᠨᠢ ᠪᠤᠷᠤᠭᠤ ᠦᠭᠡᠢ ᠪᠠᠶᠢᠪᠠᠯ᠂ ᠵᠠᠭᠤᠨ ᠤ ᠠᠷᠪᠠ ᠠᠴᠠ ᠦᠯᠦ ᠬᠡᠲᠦᠷᠡᠬᠦ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠵᠠᠮ ᠬᠠᠷᠢᠯᠴᠠᠭᠠᠨ ᠤ ᠭᠡᠨᠡᠳᠡᠯ ᠤᠨ ᠬᠤᠬᠢᠷᠠᠯ ᠢ ᠮᠠᠰᠢᠨᠲᠤ ᠪᠤᠰᠤ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ ᠮᠠᠰᠢᠨᠲᠤ ᠲᠡᠷᠭᠡ ᠶᠢ ᠵᠣᠷᠢᠭᠤᠳᠠ ᠮᠥᠷᠭᠦᠭᠰᠡᠨ ᠠᠴᠠ ᠪᠣᠯᠤᠭᠰᠠᠨ ᠪᠠᠶᠢᠪᠠᠯ᠂ ᠮᠠᠰᠢᠨᠲᠤ ᠲᠡᠷᠭᠡᠨ ᠤ ᠲᠠᠯ᠎ᠠ ᠶᠢᠨ ᠬᠢᠨ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃    ᠳᠠᠯᠠᠨ ᠳᠣᠯᠣᠳᠤᠭᠠᠷ ᠵᠦᠢᠯ ᠲᠡᠷᠭᠡ ᠵᠠᠮ ᠠᠴᠠ ᠭᠠᠳᠠᠨ᠎ᠠ ᠨᠡᠪᠲᠡᠷᠡᠬᠦ ᠦᠶ᠎ᠡ ᠳᠤ ᠭᠠᠷᠤᠭᠰᠠᠨ ᠡ᠊ᠨᠳᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭ ᠤᠨ ᠮᠡᠳᠡᠭᠦᠯᠦᠯᠲᠡ ᠶᠢ ᠣᠯᠤᠭᠰᠠᠨ ᠪᠠᠶᠢᠪᠠᠯ᠂ ᠲᠤᠰ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ