ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠲᠥᠷᠪᠡ︶
ᠨᠡᠶᠢᠲᠡᠯᠡᠭᠰᠡᠨ ᠴᠠᠭ᠄
2024/4/25
      ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶         ᠳᠥᠷᠪᠡᠳᠦᠭᠡᠷ ᠪᠦᠯᠦᠭ  ᠵᠠᠮ ᠨᠡᠪᠲᠡᠷᠡᠯᠭᠡ ᠶᠢᠨ ᠲᠣᠭᠲᠠᠭᠠᠯ       ᠨᠢᠭᠡᠳᠦᠭᠡᠷ ᠬᠡᠰᠡᠭ  ᠡ᠊ᠩ ᠤᠨ ᠲᠣᠭᠲᠠᠭᠠᠯ      ᠭᠤᠴᠢᠨ ᠲᠠᠪᠤᠳᠤᠭᠠᠷ ᠵᠦᠢᠯ  ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠᠷᠠᠭᠤᠨ ᠲᠠᠯ᠎ᠠ ᠪᠠᠷ ᠨᠡᠪᠲᠡᠷᠡᠬᠦ ᠶᠢ ᠬᠡᠷᠡᠭᠵᠢᠭᠦᠯᠦᠨ᠎ᠡ᠃     ᠭᠤᠴᠢᠨ ᠵᠢᠷᠭᠤᠳᠤᠭᠠᠷ ᠵᠦᠢᠯ ᠵᠠᠮ ᠤᠨ ᠨᠥᠬᠦᠴᠡᠯ ᠪᠠ ᠵᠠᠮ ᠨᠡᠪᠲᠡᠷᠡᠯᠭᠡ ᠶᠢᠨ ᠬᠡᠷᠡᠭᠴᠡᠭᠡ ᠶᠢ ᠦᠨᠳᠦᠰᠦᠯᠡᠨ᠂ ᠵᠠᠮ ᠢ ᠮᠠᠰᠢᠨᠲᠤ ᠲᠡᠷᠭᠡᠨ ᠤ ᠵᠠᠮ᠂ ᠮᠠᠰᠢᠨᠲᠤ ᠪᠤᠰᠤ ᠲᠡᠷᠭᠡᠨ ᠤ ᠵᠠᠮ ᠪᠠ ᠶᠠᠪᠠᠭᠠᠨ ᠬᠥᠮᠦᠨ ᠤ ᠵᠠᠮ ᠭᠡᠵᠦ ᠬᠤᠪᠢᠶᠠᠭᠰᠠᠨ ᠪᠠᠶᠢᠪᠠᠯ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠ ᠶᠠᠪᠠᠭᠠᠨ ᠬᠥᠮᠦᠨ ᠵᠠᠮ ᠬᠤᠪᠢᠶᠠᠨ ᠨᠡᠪᠲᠡᠷᠡᠬᠦ ᠶᠢ ᠬᠡᠷᠡᠭᠵᠢᠭᠦᠯᠦᠨ᠎ᠡ᠃ ᠮᠠᠰᠢᠨᠲᠤ ᠲᠡᠷᠭᠡᠨ ᠤ ᠵᠠᠮ᠂ ᠮᠠᠰᠢᠨᠲᠤ ᠪᠤᠰᠤ ᠲᠡᠷᠭᠡᠨ ᠤ ᠵᠠᠮ ᠪᠠ ᠶᠠᠪᠠᠭᠠᠨ ᠬᠥᠮᠦᠨ ᠤ ᠵᠠᠮ ᠭᠡᠵᠦ ᠬᠤᠪᠢᠶᠠᠭᠰᠠᠨ ᠦᠭᠡᠢ ᠪᠠᠶᠢᠪᠠᠯ᠂ ᠮᠠᠰᠢᠨᠲᠤ ᠲᠡᠷᠭᠡ ᠵᠠᠮ ᠤᠨ ᠳᠤᠮᠳᠠᠭᠤᠷ ᠶᠠᠪᠤᠵᠤ᠂ ᠮᠠᠰᠢᠨᠲᠤ ᠪᠤᠰᠤ ᠲᠡᠷᠭᠡ ᠪᠠ ᠶᠠᠪᠠᠭᠠᠨ ᠬᠥᠮᠦᠨ ᠵᠠᠮ ᠤᠨ ᠬᠤᠶᠠᠷ ᠬᠠᠵᠠᠭᠤ ᠪᠠᠷ ᠶᠠᠪᠤᠨ᠎ᠠ᠃    ᠭᠤᠴᠢᠨ ᠳᠣᠯᠣᠳᠤᠭᠠᠷ ᠵᠦᠢᠯ  ᠵᠠᠮ ᠳᠡᠭᠡᠷ᠎ᠡ ᠲᠤᠰᠬᠠᠶ ᠬᠡᠷᠡᠭᠯᠡᠬᠦ ᠲᠡᠷᠭᠡᠨ ᠵᠠᠮ ᠢ ᠵᠠᠭᠠᠭᠯᠠᠨ ᠲᠣᠭᠲᠠᠭᠠᠭᠰᠠᠨ ᠪᠠᠶᠢᠪᠠᠯ᠂ ᠲᠤᠰᠬᠠᠶ ᠬᠡᠷᠡᠭᠯᠡᠬᠦ ᠲᠡᠷᠭᠡᠨ ᠵᠠᠮ ᠢᠶᠠᠷ ᠲᠣᠭᠲᠠᠭᠰᠠᠨ ᠲᠡᠷᠭᠡ ᠨᠡᠪᠲᠡᠷᠡᠬᠦ ᠶᠢ ᠯᠡ ᠵᠥᠪᠰᠢᠶᠡᠷᠡᠨ᠎ᠡ᠂ ᠪᠤᠰᠤᠳ ᠲᠡᠷᠭᠡ ᠲᠤᠰᠬᠠᠶ ᠬᠡᠷᠡᠭᠯᠡᠬᠦ ᠲᠡᠷᠭᠡᠨ ᠵᠠᠮ ᠢᠶᠠᠷ ᠶᠠᠪᠤᠵᠤ ᠪᠣᠯᠬᠤ ᠦᠭᠡᠢ᠃    ᠭᠤᠴᠢᠨ ᠨᠠᠢᠮᠠᠳᠤᠭᠠᠷ ᠵᠦᠢᠯ ᠲᠡᠷᠭᠡ ᠬᠥᠰᠬᠡ᠂ ᠶᠠᠪᠠᠭᠠᠨ ᠬᠥᠮᠦᠨ ᠵᠠᠮ ᠬᠠᠷᠢᠯᠴᠠᠭᠠᠨ ᠤ ᠳᠤᠬᠢᠶ᠎ᠠ ᠪᠠᠷ ᠶᠠᠪᠤᠬᠤ ᠬᠡᠷᠡᠭᠲᠡᠶ︔ ᠵᠠᠮ ᠬᠠᠷᠢᠯᠴᠠᠭᠠᠨ ᠤ ᠴᠠᠭᠳᠠᠭ᠎ᠠ ᠲᠤᠬᠠᠶ ᠶᠢᠨ ᠭᠠᠵᠠᠷ ᠲᠤ ᠵᠢᠯᠣᠭᠤᠳᠴᠤ ᠪᠠᠶᠢᠬᠤ ᠲᠠᠢ ᠲᠣᠬᠢᠶᠠᠯᠳᠤᠪᠠᠯ᠂ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠷ ᠶᠠᠪᠤᠬᠤ ᠬᠡᠷᠡᠭᠲᠡᠶ︔ ᠵᠠᠮ ᠬᠠᠷᠢᠯᠴᠠᠭᠠᠨ ᠤ ᠳᠤᠬᠢᠶᠠᠨ ᠳᠡᠮᠳᠡᠭ ᠪᠠᠶᠢᠬᠤ ᠦᠬᠡᠢ ᠵᠠᠮ ᠢᠶᠠᠷ ᠪᠣᠯ ᠠᠶᠤᠯᠭᠦᠶ ᠪᠠᠶᠢᠬᠤ᠂ ᠰᠠᠭᠠᠳ ᠦᠬᠡᠢ ᠨᠡᠪᠲᠡᠷᠡᠬᠦ ᠶᠢ ᠦᠨᠡᠨ ᠬᠦ ᠪᠠᠲᠤᠯᠠᠬᠤ ᠵᠠᠷᠴᠢᠮ ᠤᠨ ᠳᠣᠣᠷ᠎ᠠ ᠶᠠᠪᠤᠬᠤ ᠬᠡᠷᠡᠭᠲᠡᠶ᠃    ᠭᠤᠴᠢ ᠶᠢᠰᠦᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠪᠠ ᠵᠠᠮ ᠬᠠᠷᠢᠯᠴᠠᠭᠠᠨ ᠤ ᠨᠡᠪᠳᠡᠷᠡᠯ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠ ᠶᠠᠪᠠᠭᠠᠨ ᠬᠥᠮᠦᠨ ᠳᠤ ᠵᠠᠯᠠᠵᠤ ᠵᠢᠯᠣᠭᠤᠳᠬᠤ᠂ ᠨᠡᠪᠲᠡᠷᠡᠬᠦ ᠶᠢ ᠬᠢᠵᠠᠭᠠᠷᠯᠠᠬᠤ᠂ ᠨᠡᠪᠲᠡᠷᠡᠬᠦ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠤᠨ᠎ᠠ᠃ ᠤᠯᠠᠨ ᠲᠦᠮᠡᠨᠴᠢ ᠴᠢᠨᠠᠷᠲᠠᠶ ᠲᠤᠮᠤ ᠬᠡᠯᠪᠡᠷᠢ ᠶᠢᠨ ᠠᠵᠢᠯᠯᠠᠭ᠎ᠠ᠂ ᠶᠡᠭᠡ ᠬᠡᠪᠴᠢᠶᠡᠨ ᠤ ᠪᠠᠷᠢᠯᠭ᠎ᠠ ᠶᠢᠨ ᠠᠵᠢᠯ ᠵᠡᠷᠭᠡ ᠪᠠᠶᠢᠳᠠᠯ ᠲᠣᠬᠢᠶᠠᠯᠳᠤᠵᠤ᠂ ᠵᠠᠮ ᠬᠠᠷᠢᠯᠴᠠᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠪᠤᠶᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯᠯᠠᠭ᠎ᠠ ᠲᠠᠢ ᠰᠢᠭᠤᠳ ᠬᠤᠯᠪᠣᠭᠳᠠᠬᠤ ᠲᠣᠭᠲᠠᠭᠠᠯ ᠭᠠᠷᠭᠠᠬᠤ ᠳᠤ ᠬᠦᠷᠪᠡᠯ᠂ ᠨᠡᠶᠢᠭᠡᠮ ᠨᠡᠶᠢᠲᠡ ᠳᠤ ᠤᠷᠢᠳᠴᠢᠯᠠᠨ ᠵᠠᠷᠯᠠᠨ ᠨᠡᠶᠢᠲᠡᠯᠡᠬᠦ ᠬᠡᠷᠡᠭᠲᠡᠶ᠃     ᠳᠥᠴᠢᠳᠦᠭᠡᠷ ᠵᠦᠢᠯ ᠪᠠᠶᠢᠭᠠᠯᠢ ᠶᠢᠨ ᠭᠠᠮᠰᠢᠭ᠂ ᠴᠠᠭ ᠠᠭᠤᠷ ᠤᠨ ᠮᠠᠭᠤ ᠨᠥᠬᠦᠴᠡᠯ ᠪᠤᠶᠤ ᠵᠠᠮ ᠬᠠᠷᠢᠯᠴᠠᠭᠠᠨ ᠤ ᠬᠦᠨᠳᠦ ᠶᠡᠭᠡ ᠭᠡᠨᠡᠳᠡᠯ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠬᠦ ᠪᠠᠶᠢᠳᠠᠯ ᠲᠣᠬᠢᠶᠠᠯᠳᠤᠵᠤ᠂ ᠪᠤᠰᠤᠳ ᠠᠷᠭ᠎ᠠ ᠬᠡᠮᠵᠢᠶ᠎ᠡ ᠠᠪᠤᠭᠠᠳ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠡᠷᠬᠡᠲᠡᠶ ᠪᠣᠯᠤᠭᠰᠠᠨ ᠦᠶ᠎ᠡ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ ᠪᠣᠯᠤᠨ᠎ᠠ᠃    ᠳᠥᠴᠢᠨ ᠨᠢᠭᠡᠳᠦᠭᠡᠷ ᠵᠦᠢᠯ  ᠵᠠᠮ ᠨᠡᠪᠲᠡᠷᠡᠯᠭᠡ ᠳᠤ ᠬᠤᠯᠪᠣᠭᠳᠠᠬᠤ ᠪᠤᠰᠤᠳ ᠪᠣᠳᠠᠲᠠᠶ ᠲᠣᠭᠲᠠᠭᠠᠯ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃      ᠬᠤᠶᠠᠳᠤᠭᠠᠷ ᠬᠡᠰᠡᠭ ᠮᠠᠰᠢᠨᠲᠤ ᠲᠡᠷᠭᠡ ᠨᠡᠪᠲᠡᠷᠡᠬᠦ ᠲᠣᠭᠲᠠᠭᠠᠯ     ᠳᠥᠴᠢᠨ ᠬᠤᠶᠠᠳᠤᠭᠠᠷ ᠵᠦᠢᠯ ᠮᠠᠰᠢᠨᠲᠤ ᠲᠡᠷᠭᠡ ᠵᠠᠮ ᠳᠤ ᠭᠠᠷᠴᠤ ᠶᠠᠪᠤᠬᠤ ᠳᠤ ᠪᠠᠨ ᠬᠤᠷᠳᠤᠴᠠ ᠶᠢ ᠬᠢᠵᠠᠭᠠᠷᠯᠠᠬᠤ ᠢᠯᠡᠳᠬᠡᠮᠵᠢ ᠳᠡᠮᠳᠡᠭ ᠲᠤ ᠲᠣᠳᠣᠷᠬᠠᠶᠢᠯᠠᠭᠰᠠᠨ ᠬᠠᠮᠤᠭ ᠤᠨ ᠳᠡᠭᠡᠳᠦ ᠬᠤᠷᠳᠤᠴᠠ ᠠᠴᠠ ᠬᠡᠲᠦᠷᠡᠭᠦᠯᠵᠦ ᠪᠣᠯᠬᠤ ᠦᠬᠡᠢ᠃ ᠬᠤᠷᠳᠤᠴᠠ ᠶᠢ ᠬᠢᠵᠠᠭᠠᠷᠯᠠᠬᠤ ᠢᠯᠡᠳᠬᠡᠮᠵᠢ ᠳᠡᠮᠳᠡᠭ ᠪᠠᠶᠢᠬᠤ ᠦᠬᠡᠢ ᠵᠠᠮ ᠤᠨ ᠬᠡᠰᠡᠭ ᠲᠤ ᠠᠶᠤᠯᠭᠦᠶ ᠪᠠᠶᠢᠬᠤ ᠲᠡᠷᠭᠡᠨ ᠤ ᠬᠤᠷᠳᠤᠴᠠ ᠶᠢ ᠪᠠᠲᠤᠯᠠᠬᠤ ᠬᠡᠷᠡᠭᠲᠡᠶ᠃     ᠰᠥᠨᠢ ᠪᠠᠷ ᠶᠠᠪᠤᠬᠤ ᠪᠤᠶᠤ ᠠᠮᠠᠷᠬᠠᠨ ᠠᠶᠤᠯ ᠭᠠᠷᠳᠠᠭ ᠵᠠᠮ ᠤᠨ ᠬᠡᠰᠡᠭ ᠢᠶᠠᠷ ᠶᠠᠪᠤᠬᠤ ᠵᠢᠴᠢ ᠡᠯᠡᠰᠦ ᠲᠣᠭᠤᠰᠣ ᠳᠡᠭᠳᠡᠬᠦ᠂ ᠮᠥᠨᠳᠥᠷ᠂ ᠪᠣᠷᠣᠭᠠᠨ᠂ ᠴᠠᠰᠤ ᠣᠷᠣᠬᠤ᠂ ᠮᠠᠨᠠᠨ ᠭᠠᠷᠬᠤ᠂ ᠮᠥᠰᠥ ᠬᠥᠯᠳᠡᠬᠦ ᠵᠡᠷᠭᠡ ᠴᠠᠭ ᠠᠭᠤᠷ ᠤᠨ ᠨᠥᠬᠦᠴᠡᠯ ᠲᠣᠬᠢᠶᠠᠯᠳᠤᠬᠤ ᠦᠶ᠎ᠡ ᠳᠤ ᠶᠠᠪᠤᠬᠤ ᠬᠤᠷᠳᠤᠴᠠ ᠪᠠᠨ ᠤᠳᠠᠭᠠᠰᠢᠷᠠᠭᠤᠯᠬᠤ ᠬᠡᠷᠡᠭᠲᠡᠶ᠃     ᠳᠥᠴᠢᠨ ᠭᠤᠷᠪᠠᠳᠤᠭᠠᠷ ᠵᠦᠢᠯ ᠠᠳᠠᠯᠢ ᠵᠠᠮ ᠢᠶᠠᠷ ᠶᠠᠪᠤᠵᠤ ᠪᠠᠶᠢᠭ᠎ᠠ ᠮᠠᠰᠢᠨᠲᠤ ᠲᠡᠷᠭᠡ ᠶᠢᠨ ᠬᠤᠶᠢᠨᠠᠬᠢ ᠲᠡᠷᠭᠡ ᠨᠢ ᠡᠮᠦᠨᠡᠬᠢ ᠲᠡᠷᠭᠡ ᠠᠴᠠ ᠪᠠᠨ ᠪᠠᠴᠢᠮ ᠲᠣᠷᠣᠮᠰᠤᠯᠠᠬᠤ ᠠᠷᠭ᠎ᠠ ᠬᠡᠮᠵᠢᠶ᠎ᠡ ᠠᠪᠴᠤ ᠳᠡᠶᠢᠯᠬᠦ ᠠᠶᠤᠯᠭᠦᠶ ᠶᠢᠨ ᠵᠠᠶ ᠲᠠᠢ ᠪᠠᠶᠢᠬᠤ ᠬᠡᠷᠡᠭᠲᠡᠶ᠃ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠷᠭᠡ ᠠᠴᠠ ᠳᠠᠪᠠᠭᠤᠯᠵᠤ ᠪᠣᠯᠬᠤ ᠦᠭᠡᠶ᠄     ︵ᠨᠢᠭᠡ︶ ᠡᠮᠦᠨᠡᠬᠢ ᠲᠡᠷᠭᠡ ᠶᠠᠭ ᠵᠡᠭᠦᠨᠰᠢ ᠮᠤᠷᠦ᠋ᠢᠵᠤ᠂ ᠡᠷᠭᠢᠵᠦ᠂ ᠲᠡᠷᠭᠡ ᠳᠠᠪᠠᠵᠤ ᠪᠠᠶᠢᠬᠤ︔     ︵ᠬᠤᠶᠠᠷ︶ ᠡᠰᠡᠷᠭᠦ ᠲᠠᠯ᠎ᠠ ᠠᠴᠠ ᠢᠷᠡᠭᠰᠡᠨ ᠲᠡᠷᠭᠡ ᠲᠠᠢ ᠵᠥᠷᠢᠬᠦ ᠪᠣᠯᠤᠯᠴᠠᠭ᠎ᠠ ᠲᠠᠢ ᠪᠠᠶᠢᠬᠤ︔     ︵ᠭᠤᠷᠪᠠ︶ ᠡᠮᠦᠨᠡᠬᠢ ᠲᠡᠷᠭᠡ ᠨᠢ ᠪᠠᠴᠢᠮ ᠡᠭᠦᠷᠭᠡ ᠭᠦᠢᠴᠡᠳᠬᠡᠵᠦ ᠪᠠᠶᠢᠭ᠎ᠠ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠪᠣᠯᠬᠤ︔     ︵ᠲᠦᠷᠪᠡ︶ ᠲᠡᠮᠦᠷ ᠵᠡᠮ ᠤᠨ ᠠᠭᠤᠯᠵᠠᠷ᠂ ᠣᠭᠲᠣᠯᠣᠯᠴᠠᠬᠤ ᠵᠡᠮ ᠤᠨ ᠠᠭᠤᠯᠵᠠᠷ᠂ ᠨᠠᠷᠢᠨ ᠬᠥᠭᠦᠷᠭᠡ᠂ ᠮᠤᠷᠤᠶ ᠵᠡᠮ᠂ ᠡᠭᠴᠡ ᠬᠥᠲᠥᠯ᠂ ᠨᠦᠭᠡᠠ ᠵᠡᠮ᠂ ᠶᠠᠪᠠᠭᠠᠨ ᠬᠥᠮᠦᠨ ᠤ ᠬᠥᠨᠳᠡᠯᠡᠨ ᠵᠡᠮ᠂ ᠬᠤᠳᠠ ᠶᠢᠨ ᠲᠣᠭᠤᠷᠢᠭ ᠤᠨ ᠵᠡᠮ ᠬᠠᠷᠢᠯᠴᠠᠭᠠᠨ ᠤ ᠴᠤᠪᠤᠷᠠᠯᠲᠠ ᠶᠢᠨ ᠬᠡᠮᠵᠢᠶ᠎ᠡ ᠶᠡᠭᠡ ᠵᠡᠮ ᠤᠨ ᠬᠡᠰᠡᠭ ᠵᠡᠷᠭᠡ ᠲᠡᠷᠭᠡ ᠳᠠᠪᠠᠭ᠋ᠤ ᠨᠥᠬᠦᠴᠡᠯ ᠤᠢᠭᠡᠢ ᠭᠠᠵᠠᠷ ᠢᠶᠠᠷ ᠥᠩᠭᠡᠷᠡᠬᠦ᠃    ᠳᠥᠴᠢᠨ ᠳᠥᠷᠪᠡᠳᠦᠭᠡᠷ ᠵᠦᠢᠯ ᠮᠠᠰᠢᠨᠲᠤ ᠲᠡᠷᠭᠡ ᠣᠭᠲᠣᠯᠣᠯᠴᠠᠬᠤ ᠵᠠᠮ ᠤᠨ ᠠᠭᠤᠯᠵᠠᠷ ᠢᠶᠠᠷ ᠥᠩᠭᠡᠷᠡᠬᠦ ᠳᠤ ᠪᠠᠨ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠪᠤᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠷ ᠥᠩᠭᠡᠷᠡᠬᠦ ᠬᠡᠷᠡᠭᠲᠡᠶ︔ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠪᠤᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠶᠢᠬᠤ ᠦᠬᠡᠢ ᠣᠭᠲᠣᠯᠣᠯᠴᠠᠬᠤ ᠵᠠᠮ ᠤᠨ ᠠᠭᠤᠯᠵᠠᠷ ᠢᠶᠠᠷ ᠥᠩᠭᠡᠷᠡᠬᠦ ᠳᠤ ᠪᠠᠨ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠬᠤ ᠬᠡᠷᠡᠭᠲᠡᠶ ᠪᠥᠭᠡᠳ ᠶᠠᠪᠠᠭᠠᠨ ᠬᠥᠮᠦᠨ ᠪᠣᠯᠤᠨ ᠤᠷᠢᠳᠠᠪᠠᠷ ᠨᠡᠪᠲᠡᠷᠡᠬᠦ ᠲᠡᠷᠭᠡ ᠬᠥᠰᠬᠡ ᠶᠢ ᠤᠷᠢᠳᠠᠪᠠᠷ ᠶᠠᠪᠤᠭᠤᠯᠬᠤ ᠬᠡᠷᠡᠭᠲᠡᠶ᠃    ᠳᠥᠴᠢᠨ ᠲᠠᠪᠤᠳᠤᠭᠠᠷ ᠵᠦᠢᠯ ᠡᠮᠦᠨ᠎ᠡ ᠲᠠᠯ᠎ᠠ ᠶᠢᠨ ᠲᠡᠷᠭᠡ ᠵᠣᠭᠰᠣᠵᠤ ᠮᠥᠷᠯᠡᠨ ᠬᠦᠯᠢᠶᠡᠵᠦ ᠪᠠᠶᠢᠬᠤ ᠪᠤᠶᠤ ᠤᠳᠠᠭᠠᠨ ᠶᠠᠪᠤᠵᠤ ᠪᠠᠶᠢᠬᠤ ᠲᠠᠢ ᠲᠠᠭᠠᠷᠠᠯᠳᠤᠪᠠᠯ᠂ ᠮᠠᠰᠢᠨᠲᠤ ᠲᠡᠷᠭᠡ ᠵᠠᠮ ᠵᠢᠭᠡᠯᠡᠨ ᠲᠡᠷᠭᠡ ᠳᠠᠪᠠᠭ᠋ᠤ ᠪᠤᠶᠤ ᠡᠰᠡᠷᠭᠦ ᠲᠠᠯ᠎ᠠ ᠶᠢᠨ ᠲᠡᠷᠭᠡᠨ ᠵᠠᠮ ᠢ ᠡᠵᠡᠯᠡᠨ ᠶᠠᠪᠤᠵᠤ ᠪᠣᠯᠬᠤ ᠦᠭᠡᠢ᠂ ᠬᠦᠯᠢᠶᠡᠵᠦ ᠪᠠᠶᠢᠭ᠎ᠠ ᠲᠡᠷᠭᠡᠨ ᠤ ᠳᠤᠮᠳᠠᠭᠤᠷ ᠰᠣᠯᠪᠢᠴᠠᠵᠤ ᠪᠣᠯᠬᠤ ᠦᠭᠡᠢ᠃    ᠲᠡᠷᠭᠡᠨ ᠵᠠᠮ ᠪᠠᠭᠠᠰᠤᠭᠰᠠᠨ ᠵᠠᠮ ᠤᠨ ᠬᠡᠰᠡᠭ᠂ ᠵᠠᠮ ᠤᠨ ᠠᠭᠤᠯᠵᠠᠷ᠂ ᠡᠰᠡᠬᠦᠯ᠎ᠡ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠪᠤᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠶᠢᠬᠤ ᠦᠬᠡᠢ ᠣᠭᠲᠣᠯᠣᠯᠴᠠᠬᠤ ᠵᠠᠮ ᠤᠨ ᠠᠭᠤᠯᠵᠠᠷ ᠲᠤ ᠲᠡᠷᠭᠡ ᠵᠣᠭᠰᠣᠵᠤ ᠮᠥᠷᠯᠡᠨ ᠬᠦᠯᠢᠶᠡᠬᠦ ᠪᠤᠶᠤ ᠤᠳᠠᠭᠠᠨ ᠶᠠᠪᠤᠬᠤ ᠶᠠᠪᠤᠳᠠᠯ ᠲᠣᠬᠢᠶᠠᠯᠳᠤᠪᠠᠯ᠂ ᠮᠠᠰᠢᠨᠲᠤ ᠲᠡᠷᠭᠡ ᠳᠡᠰ ᠳᠠᠷᠠᠭᠠᠯᠠᠨ ᠰᠣᠯᠪᠢᠴᠠᠨ ᠨᠡᠪᠲᠡᠷᠡᠬᠦ ᠬᠡᠷᠡᠭᠲᠡᠶ᠃     ᠳᠥᠴᠢᠨ ᠵᠢᠷᠭᠤᠳᠤᠭᠠᠷ ᠵᠦᠢᠯ ᠮᠠᠰᠢᠨᠲᠤ ᠲᠡᠷᠭᠡ ᠳᠡᠮᠦᠷ ᠵᠠᠮ ᠤᠨ ᠠᠭᠤᠯᠵᠠᠷ ᠢᠶᠠᠷ ᠥᠩᠭᠡᠷᠡᠬᠦ ᠳᠤ ᠪᠠᠨ ᠵᠠᠮ ᠬᠠᠷᠢᠯᠴᠠᠭᠠᠨ ᠤ ᠳᠤᠬᠢᠶ᠎ᠠ ᠪᠤᠶᠤ ᠬᠠᠮᠢᠶᠠᠷᠤᠯᠲᠠ ᠶᠢᠨ ᠠᠵᠢᠯᠳᠠᠨ ᠤ ᠵᠢᠯᠤᠭᠤᠳᠤᠯᠭ᠎ᠠ ᠪᠠᠷ ᠨᠡᠪᠲᠡᠷᠡᠬᠦ ᠬᠡᠷᠡᠭᠲᠡᠶ︔ ᠵᠠᠮ ᠬᠠᠷᠢᠯᠴᠠᠭᠠᠨ ᠤ ᠳᠤᠬᠢᠶ᠎ᠠ ᠪᠤᠶᠤ ᠬᠠᠮᠢᠶᠠᠷᠤᠯᠲᠠ ᠶᠢᠨ ᠠᠵᠢᠯᠳᠠᠨ ᠪᠠᠶᠢᠬᠤ ᠦᠬᠡᠢ ᠪᠣᠯ ᠬᠤᠷᠳᠤᠴᠠ ᠪᠠᠨ ᠪᠠᠭᠤᠷᠠᠭᠤᠯᠬᠤ ᠪᠤᠶᠤ ᠲᠡᠷᠭᠡ ᠪᠠᠨ ᠵᠣᠭᠰᠣᠭᠠᠵᠤ᠂ ᠠᠶᠤᠯᠭᠦᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠩᠭᠡᠷᠡᠬᠦ ᠬᠡᠷᠡᠭᠲᠡᠶ᠃     ᠳᠥᠴᠢᠨ ᠳᠣᠯᠣᠳᠤᠭᠠᠷ ᠵᠦᠢᠯ ᠮᠠᠰᠢᠨᠲᠤ ᠲᠡᠷᠭᠡ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠥᠩᠭᠡᠷᠡᠬᠦ ᠳᠤ ᠪᠠᠨ ᠬᠤᠷᠳᠤᠴᠠ ᠪᠠᠨ ᠪᠠᠭᠤᠷᠠᠭᠤᠯᠬᠤ ᠬᠡᠷᠡᠭᠲᠡᠶ︔ ᠶᠠᠪᠠᠭᠠᠨ ᠬᠥᠮᠦᠨ ᠶᠠᠭ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠥᠩᠭᠡᠷᠡᠵᠦ ᠪᠠᠶᠢᠬᠤ ᠲᠠᠢ ᠲᠠᠭᠠᠷᠠᠯᠳᠤᠪᠠᠯ᠂ ᠲᠡᠷᠭᠡ ᠪᠠᠨ ᠵᠣᠭᠰᠣᠭᠠᠵᠤ ᠵᠠᠮ ᠲᠠᠯᠪᠢᠵᠤ ᠥᠭᠬᠦ ᠬᠡᠷᠡᠭᠲᠡᠶ᠃    ᠮᠠᠰᠢᠨᠲᠤ ᠲᠡᠷᠭᠡ ᠵᠠᠮ ᠬᠠᠷᠢᠯᠴᠠᠭᠠᠨ ᠤ ᠳᠤᠬᠢᠶ᠎ᠠ ᠦᠬᠡᠢ ᠵᠠᠮ ᠢᠶᠠᠷ ᠥᠩᠭᠡᠷᠡᠬᠦ ᠳᠤ ᠪᠠᠨ ᠶᠠᠪᠠᠭᠠᠨ ᠬᠥᠮᠦᠨ ᠵᠠᠮ ᠣᠭᠲᠣᠯᠵᠤ ᠭᠠᠷᠬᠤ ᠲᠠᠢ ᠲᠠᠭᠠᠷᠠᠯᠳᠤᠪᠠᠯ ᠵᠠᠮ ᠲᠠᠯᠪᠢᠵᠤ ᠥᠭᠬᠦ ᠬᠡᠷᠡᠭᠲᠡᠶ᠃    ᠳᠥᠴᠢᠨ ᠨᠠᠢᠮᠠᠳᠤᠭᠠᠷ ᠵᠦᠢᠯ ᠮᠠᠰᠢᠨᠲᠤ ᠲᠡᠷᠭᠡ ᠶᠠᠭᠤᠮ᠎ᠠ ᠲᠡᠭᠡᠭᠡᠪᠦᠷᠢᠯᠡᠬᠦ ᠳᠤ ᠪᠠᠨ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠳᠤ ᠨᠡᠶᠢᠴᠡᠭᠦᠯᠬᠦ ᠬᠡᠷᠡᠭᠲᠡᠶ᠂ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠨ᠎ᠠ︔ ᠠᠴᠢᠶᠠᠯᠠᠬᠤ ᠶᠠᠭᠤᠮ᠎ᠠ ᠶᠢᠨ ᠤᠷᠳᠤ᠂ ᠥᠷᠭᠡᠨ᠂ ᠥᠨᠳᠥᠷ ᠨᠢ ᠠᠴᠢᠶᠠᠯᠠᠬᠤ ᠱᠠᠭᠠᠷᠳᠠᠯᠭ᠎ᠠ ᠠᠴᠠ ᠵᠥᠷᠢᠴᠡᠵᠦ ᠪᠣᠯᠬᠤ ᠤᠢᠭᠡᠢ᠂ ᠲᠡᠭᠡᠭᠡᠪᠦᠷᠢᠯᠡᠭᠰᠡᠨ ᠶᠠᠭᠤᠮ᠎ᠠ ᠪᠠᠨ ᠠᠰᠬᠠᠵᠤ᠂ ᠪᠤᠲᠠᠷᠠᠭᠤᠯᠵᠤ ᠪᠣᠯᠬᠤ ᠤᠢᠭᠡᠢ᠃    ᠮᠠᠰᠢᠨᠲᠤ ᠲᠡᠷᠭᠡ ᠬᠡᠮᠵᠢᠶ᠎ᠡ ᠠᠴᠠ ᠬᠡᠲᠦᠷᠡᠭᠰᠡᠨ ᠵᠠᠳᠠᠯᠵᠤ ᠰᠠᠯᠭᠠᠵᠤ ᠪᠣᠯᠬᠤ ᠦᠬᠡᠢ ᠡᠳ᠋ ᠪᠣᠳᠠᠰ ᠢ ᠲᠡᠭᠡᠭᠡᠪᠦᠷᠢᠯᠡᠭᠡᠳ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠳᠤ ᠬᠦᠷᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠴᠠᠭ᠂ ᠱᠤᠭᠤᠮ᠂ ᠬᠤᠷᠳᠤᠴᠠ ᠪᠠᠷ ᠶᠠᠪᠤᠵᠤ᠂ ᠢᠯᠡᠷᠬᠡᠶ ᠢᠯᠡᠳᠬᠡᠮᠵᠢ ᠳᠡᠮᠳᠡᠭ ᠡᠯᠭᠦᠬᠦ ᠬᠡᠷᠡᠭᠲᠡᠶ᠃ ᠵᠠᠰᠠᠮᠠᠯ ᠵᠡᠮ ᠳᠡᠭᠡᠷ᠎ᠡ ᠬᠡᠮᠵᠢᠶ᠎ᠡ ᠠᠴᠠ ᠬᠡᠲᠦᠷᠡᠭᠰᠡᠨ ᠵᠠᠳᠠᠯᠵᠤ ᠰᠠᠯᠭᠠᠵᠤ ᠪᠣᠯᠬᠤ ᠤᠢᠭᠡᠢ ᠡᠳ᠋ ᠪᠣᠳᠠᠰ ᠢ ᠲᠡᠭᠡᠭᠡᠪᠦᠷᠢᠯᠡᠬᠦ ᠳᠤ ᠪᠠᠨ ᠵᠠᠰᠠᠮᠠᠯ ᠵᠡᠮ ᠤᠨ ᠬᠠᠤᠯᠢ ᠶᠢᠨ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃     ᠮᠠᠰᠢᠨᠲᠤ ᠲᠡᠷᠭᠡ ᠪᠠᠷ ᠳᠡᠯᠪᠡᠷᠡᠬᠦ ᠪᠣᠳᠠᠰ᠂ ᠰᠢᠲᠠᠮᠠᠲᠠᠬᠠᠢ ᠳᠡᠯᠪᠡᠷᠡᠮᠡᠲᠡᠭᠡᠶ ᠬᠢᠮᠢ ᠶᠢᠨ ᠪᠣᠳᠠᠰ ᠵᠢᠴᠢ ᠲᠤᠬᠰᠢᠨ ᠬᠤᠣᠷᠲᠠᠢ᠂ ᠰᠠᠴᠤᠷᠠᠭ ᠢᠳᠡᠪᠬᠢ ᠴᠢᠨᠠᠷ ᠲᠠᠢ ᠵᠡᠷᠭᠡ ᠠᠶᠤᠯᠲᠠᠢ ᠪᠣᠳᠠᠰ ᠢ ᠠᠴᠢᠶᠠᠯᠠᠨ ᠲᠡᠭᠡᠭᠡᠪᠦᠷᠢᠯᠡᠬᠦ ᠳᠤ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠵᠢᠭᠠᠨ ᠲᠣᠭᠲᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠵᠤ᠂ ᠰᠡᠷᠡᠮᠵᠢ ᠶᠢᠨ ᠢᠯᠡᠳᠬᠡᠮᠵᠢ ᠳᠡᠮᠳᠡᠭ ᠡᠯᠭᠦᠬᠦ ᠬᠡᠷᠡᠭᠲᠡᠢ ᠪᠥᠭᠡᠳ ᠴᠢᠬᠤᠯᠠ ᠪᠦᠬᠦᠢ ᠠᠶᠤᠯᠭᠦᠢ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃     ᠳᠥᠴᠢ ᠶᠢᠰᠦᠳᠦᠭᠡᠷ ᠵᠦᠢᠯ ᠮᠠᠰᠢᠨᠲᠤ ᠲᠡᠷᠭᠡ ᠬᠥᠮᠦᠨ ᠲᠡᠭᠡᠭᠡᠪᠦᠷᠢᠯᠡᠬᠦ ᠳᠤ ᠪᠠᠨ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠂ ᠠᠶᠠᠨᠴᠢᠨ ᠤ ᠮᠠᠰᠢᠨᠲᠤ ᠲᠡᠷᠭᠡ ᠲᠣᠭᠲᠠᠭᠠᠯ ᠢ ᠵᠥᠷᠢᠴᠡᠨ ᠪᠠᠷᠠᠭ᠎ᠠ ᠲᠡᠭᠡᠭᠡᠪᠦᠷᠢᠯᠡᠵᠦ ᠪᠣᠯᠬᠤ ᠦᠭᠡᠢ᠃     ᠲᠠᠪᠢᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ ᠪᠠᠷ ᠠᠶᠠᠨᠴᠢᠳ ᠢ ᠲᠡᠭᠡᠭᠡᠪᠦᠷᠢᠯᠡᠬᠦ ᠶᠢ ᠴᠠᠭᠠᠵᠠᠯᠠᠨ᠎ᠠ᠃     ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ ᠨᠢ ᠠᠵᠢᠯᠯᠠᠭᠰᠠᠳ ᠢ ᠳᠠᠭᠠᠯᠳᠤᠭᠤᠯᠤᠨ ᠲᠡᠭᠡᠭᠡᠬᠦ ᠴᠢᠬᠤᠯᠠᠲᠠᠶ ᠪᠠᠶᠢᠪᠠᠯ᠂ ᠠᠵᠢᠯᠯᠠᠭᠰᠠᠳ ᠢ ᠬᠠᠮᠠᠭᠠᠯᠠᠬᠤ ᠠᠶᠤᠯᠭᠦᠶ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃    ᠲᠠᠪᠢᠨ ᠨᠢᠭᠡᠳᠦᠭᠡᠷ ᠵᠦᠢᠯ ᠮᠠᠰᠢᠨᠲᠤ ᠲᠡᠷᠭᠡ ᠶᠠᠪᠤᠬᠤ ᠳᠤ ᠪᠠᠨ ᠵᠢᠯᠣᠭᠤᠴᠢ᠂ ᠲᠡᠷᠭᠡᠨ ᠳᠤ ᠰᠠᠭᠤᠭᠴᠢ ᠲᠣᠭᠲᠠᠭᠠᠯ ᠶᠣᠰᠣᠭᠠᠷ ᠠᠶᠤᠯᠭᠦᠶ ᠶᠢᠨ ᠪᠦᠰᠡ ᠬᠡᠷᠡᠭᠯᠡᠬᠦ ᠬᠡᠷᠡᠭᠲᠡᠶ᠂ ᠮᠣᠲ᠋ᠣᠷ ᠲᠡᠷᠭᠡᠨ ᠤ ᠵᠢᠯᠣᠭᠤᠴᠢ ᠵᠢᠴᠢ ᠲᠡᠷᠭᠡᠨ ᠳᠤ ᠰᠠᠭᠤᠭᠴᠢ ᠲᠣᠭᠲᠠᠭᠠᠯ ᠶᠣᠰᠣᠭᠠᠷ ᠠᠶᠤᠯᠭᠦᠶ ᠶᠢᠨ ᠳᠤᠭᠤᠯᠠᠭ᠎ᠠ ᠵᠡᠭᠦᠬᠦ ᠬᠡᠷᠡᠭᠲᠡᠶ᠃    ᠲᠠᠪᠢᠨ ᠬᠤᠶᠠᠳᠤᠭᠠᠷ ᠵᠦᠢᠯ ᠮᠠᠰᠢᠨᠲᠤ ᠲᠡᠷᠭᠡ ᠵᠠᠮ ᠳᠡᠭᠡᠷ᠎ᠡ ᠭᠡᠮᠲᠦᠯ ᠭᠠᠷᠴᠤ᠂ ᠲᠡᠷᠭᠡ ᠪᠠᠨ ᠵᠣᠭᠰᠣᠭᠠᠵᠤ ᠭᠡᠮᠲᠦᠯ ᠢ ᠠᠷᠢᠯᠭᠠᠬᠤ ᠴᠢᠬᠤᠯᠠᠲᠠᠶ ᠦᠶ᠎ᠡ ᠳᠤ᠂ ᠵᠢᠯᠣᠭᠤᠴᠢ ᠲᠡᠷᠡ ᠳᠠᠷᠤᠶ ᠳᠤ ᠨᠢ ᠲᠦᠭᠰᠢᠭᠦᠷᠢ ᠶᠢᠨ ᠰᠡᠷᠡᠮᠵᠢ ᠶᠢᠨ ᠳᠤᠬᠢᠶᠠᠨ ᠤ ᠭᠢᠯᠪᠠᠭᠠᠨ ᠳ᠋ᠧᠩ ᠢᠶᠠᠨ ᠠᠰᠠᠭᠠᠵᠤ᠂ ᠮᠠᠰᠢᠨᠲᠤ ᠲᠡᠷᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ ᠭᠠᠵᠠᠷ ᠲᠤ ᠰᠢᠯᠵᠢᠭᠦᠯᠦᠨ ᠲᠠᠯᠪᠢᠬᠤ ᠬᠡᠷᠡᠭᠲᠡᠶ︔ ᠰᠢᠯᠵᠢᠭᠦᠯᠬᠦ ᠳᠤ ᠪᠡᠷᠬᠡᠲᠡᠶ ᠪᠠᠶᠢᠪᠠᠯ᠂ ᠲᠦᠭᠰᠢᠭᠦᠷᠢ ᠶᠢᠨ ᠰᠡᠷᠡᠮᠵᠢ ᠶᠢᠨ ᠳᠤᠬᠢᠶᠠᠨ ᠤ ᠭᠢᠯᠪᠠᠭᠠᠨ ᠳ᠋ᠧᠩ ᠢ ᠦᠷᠭᠦᠯᠵᠢᠯᠡᠨ ᠠᠰᠠᠭᠠᠬᠤ ᠶᠢᠨ ᠬᠠᠮᠲᠤ ᠲᠡᠷᠭᠡ ᠢᠷᠡᠬᠦ ᠴᠢᠭᠯᠡᠯ ᠳᠤ ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠬᠤ ᠵᠡᠷᠭᠡ ᠠᠷᠭ᠎ᠠ ᠬᠡᠮᠵᠢᠶ᠎ᠡ ᠠᠪᠴᠤ ᠰᠡᠷᠡᠮᠵᠢᠯᠡᠭᠦᠯᠬᠦ ᠵᠠᠶ ᠶᠢ ᠥᠷᠭᠡᠳᠬᠡᠵᠦ᠂ ᠴᠢᠬᠤᠯᠠᠲᠠᠶ ᠦᠶ᠎ᠡ ᠳᠤ ᠳᠠᠷᠤᠶ ᠲᠦᠷᠭᠡᠨ ᠲᠦᠭᠰᠢᠭᠦᠷᠢ ᠮᠡᠳᠡᠭᠦᠯᠬᠦ ᠬᠡᠷᠡᠭᠲᠡᠶ᠃    ᠲᠠᠪᠢᠨ ᠭᠤᠷᠪᠠᠳᠤᠭᠠᠷ ᠵᠦᠢᠯ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠪᠠᠴᠢᠮ ᠡᠭᠦᠷᠭᠡ ᠭᠦᠢᠴᠡᠳᠬᠡᠬᠦ ᠳᠤ ᠪᠠᠨ ᠰᠡᠷᠡᠮᠵᠢ ᠶᠢᠨ ᠳᠤᠬᠢᠶᠠᠨ ᠤ ᠡᠭᠦᠰᠬᠡᠭᠦᠷ᠂ ᠢᠯᠡᠳᠬᠡᠮᠵᠢ ᠳᠡᠮᠳᠡᠭ ᠤᠨ ᠳ᠋ᠧᠩ ᠬᠡᠷᠡᠭᠰᠡᠯ ᠢ ᠬᠡᠷᠡᠭᠯᠡᠵᠦ ᠪᠣᠯᠤᠨ᠎ᠠ︔ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠤᠨ ᠳᠣᠣᠷ᠎ᠠ᠂ ᠶᠠᠪᠤᠬᠤ ᠵᠠᠮ᠂ ᠴᠢᠭᠯᠡᠯ᠂ ᠶᠠᠪᠤᠬᠤ ᠬᠤᠷᠳᠤᠴᠠ ᠪᠠ ᠳᠤᠬᠢᠶᠠᠨ ᠳ᠋ᠧᠩ ᠳᠤ ᠬᠢᠵᠠᠭᠠᠷᠯᠠᠭᠳᠠᠬᠤ ᠦᠭᠡᠢ᠂ ᠪᠤᠰᠤᠳ ᠲᠡᠷᠭᠡ ᠪᠠ ᠶᠠᠪᠠᠭᠠᠨ ᠬᠥᠮᠦᠨ ᠵᠠᠮ ᠲᠠᠯᠪᠢᠵᠤ ᠥᠭᠬᠦ ᠬᠡᠷᠡᠭᠲᠡᠶ᠃     ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠪᠠᠴᠢᠮ ᠡᠭᠦᠷᠭᠡ ᠭᠦᠢᠴᠡᠳᠬᠡᠬᠦ ᠦᠭᠡᠢ ᠦᠶ᠎ᠡ ᠳᠤ ᠰᠡᠷᠡᠮᠵᠢ ᠶᠢᠨ ᠳᠤᠬᠢᠶᠠᠨ ᠤ ᠡᠭᠦᠰᠬᠡᠭᠦᠷ᠂ ᠢᠯᠡᠳᠬᠡᠮᠵᠢ ᠳᠡᠮᠳᠡᠭ ᠤᠨ ᠳ᠋ᠧᠩ ᠤᠨ ᠵᠦᠢᠯ ᠢ ᠬᠡᠷᠡᠭᠯᠡᠵᠦ ᠪᠣᠯᠬᠤ ᠦᠭᠡᠢ᠂ ᠡᠮᠦᠨᠡᠬᠢ ᠪᠠᠳᠠᠭ ᠲᠤ ᠲᠣᠭᠲᠠᠭᠠᠭᠰᠠᠨ ᠵᠠᠮ ᠢᠶᠠᠷ ᠤᠷᠢᠳᠠᠪᠠᠷ ᠨᠡᠪᠲᠡᠷᠡᠬᠦ ᠡᠷᠬᠡ ᠶᠢ ᠡᠳ᠋ᠯᠡᠬᠦ ᠦᠭᠡᠢ᠃     ᠲᠠᠪᠢᠨ ᠳᠥᠷᠪᠡᠳᠦᠭᠡᠷ ᠵᠦᠢᠯ ᠵᠠᠮ ᠠᠷᠠᠴᠢᠯᠠᠨ ᠬᠠᠮᠠᠭᠠᠯᠠᠬᠤ ᠲᠡᠷᠭᠡ ᠬᠥᠰᠬᠡ᠂ ᠪᠠᠷᠢᠯᠭ᠎ᠠ ᠶᠢᠨ ᠠᠵᠢᠯ ᠤᠨ ᠲᠡᠷᠭᠡ ᠠᠵᠢᠯᠯᠠᠬᠤ ᠳᠤ ᠪᠠᠨ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠶᠢᠨ ᠨᠡᠪᠲᠡᠷᠡᠬᠦ ᠶᠢ ᠦᠯᠦ ᠨᠥᠯᠥᠭᠡᠯᠡᠬᠦ ᠤᠷᠢᠲᠠᠯ ᠤᠨ ᠳᠣᠣᠷ᠎ᠠ᠂ ᠲᠡᠭᠦᠨ ᠤ ᠶᠠᠪᠤᠬᠤ ᠵᠠᠮ ᠱᠤᠭᠤᠮ ᠪᠠ ᠴᠢᠭᠯᠡᠯ ᠨᠢ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠳᠡᠮᠳᠡᠭ ᠵᠢᠷᠤᠭᠠᠰᠤ ᠳᠤ ᠬᠢᠵᠠᠭᠠᠷᠯᠠᠭᠳᠠᠬᠤ ᠦᠭᠡᠢ᠂ ᠨᠠᠭᠠᠰᠢ ᠴᠠᠭᠠᠰᠢ ᠥᠩᠭᠡᠷᠡᠬᠦ ᠲᠡᠷᠭᠡ ᠪᠠ ᠬᠥᠮᠦᠰ ᠵᠠᠶᠢᠯᠠᠵᠤ ᠶᠠᠪᠤᠬᠤ ᠶᠢ ᠠᠩᠬᠠᠷᠬᠤ ᠬᠡᠷᠡᠭᠲᠡᠶ᠃     ᠤᠰᠤ ᠰᠦᠷᠴᠢᠬᠦ ᠲᠡᠷᠭᠡ᠂ ᠴᠡᠪᠡᠷᠯᠡᠨ ᠱᠦᠭᠦᠷᠳᠡᠬᠦ ᠲᠡᠷᠭᠡ ᠵᠡᠷᠭᠡ ᠮᠠᠰᠢᠨᠲᠤ ᠲᠡᠷᠭᠡ ᠠᠶᠤᠯᠭᠦᠶ ᠪᠠᠷ ᠠᠵᠢᠯᠯᠠᠬᠤ ᠪᠠᠷᠢᠮᠵᠢᠶ᠎ᠠ ᠶᠣᠰᠣᠭᠠᠷ ᠠᠵᠢᠯᠯᠠᠬᠤ ᠬᠡᠷᠡᠭᠲᠡᠶ︔ ᠪᠤᠰᠤᠳ ᠲᠡᠷᠭᠡᠨ ᠤ ᠨᠡᠪᠲᠡᠷᠡᠬᠦ ᠶᠢ ᠨᠥᠯᠥᠭᠡᠯᠡᠬᠦ ᠤᠢᠭᠡᠢ ᠪᠠᠶᠢᠳᠠᠯ ᠤᠨ ᠳᠣᠣᠷ᠎ᠠ᠂ ᠲᠡᠷᠭᠡ ᠵᠡᠮ ᠬᠤᠪᠢᠶᠠᠨ ᠶᠠᠪᠤᠬᠤ ᠬᠢᠵᠠᠭᠠᠷᠯᠠᠯ ᠳᠤ ᠬᠢᠵᠠᠭᠠᠷᠯᠠᠭᠳᠠᠬᠤ ᠤᠢᠭᠡᠢ ᠪᠠᠶᠢᠵᠤ ᠪᠣᠯᠤᠨ᠎ᠠ᠂ ᠭᠡᠪᠡᠴᠦ ᠰᠥᠷᠭᠡᠦ ᠴᠢᠭᠯᠡᠯ ᠢᠶᠠᠷ ᠶᠠᠪᠤᠵᠤ ᠪᠣᠯᠬᠤ ᠤᠢᠭᠡᠢ᠃     ᠲᠠᠪᠢᠨ ᠲᠠᠪᠤᠳᠤᠭᠠᠷ ᠵᠦᠢᠯ ᠲᠦ᠋ᠷᠭᠡᠨ ᠳᠠᠪᠬᠢᠬᠤ ᠵᠠᠰᠠᠮᠠᠯ ᠵᠠᠮ᠂ ᠶᠡᠭᠡ ᠳᠤᠮᠳᠠ ᠬᠤᠳᠠ ᠶᠢᠨ ᠭᠤᠣᠯ ᠬᠤᠳᠠ ᠶᠢᠨ ᠲᠣᠭᠤᠷᠢᠭ ᠤᠨ ᠳᠣᠲᠣᠷᠠᠬᠢ ᠵᠠᠮ ᠢᠶᠠᠷ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ᠃ ᠲᠷᠠᠺᠲ᠋ᠣᠷ ᠨᠡᠪᠲᠡᠷᠡᠬᠦ ᠶᠢ ᠴᠠᠭᠠᠵᠠᠯᠠᠬᠤ ᠪᠤᠰᠤᠳ ᠵᠠᠮ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ ᠲᠣᠭᠲᠠᠭᠠᠨ᠎ᠠ᠃     ᠲᠷᠠᠺᠲ᠋ᠣᠷ ᠨᠡᠪᠲᠡᠷᠡᠬᠦ ᠶᠢ ᠵᠥᠪᠰᠢᠶᠡᠷᠡᠭᠰᠡᠨ ᠵᠠᠮ ᠢᠶᠠᠷ ᠲᠷᠠᠺᠲ᠋ᠣᠷ ᠢᠶᠠᠷ ᠪᠠᠷᠠᠭ᠎ᠠ ᠲᠡᠭᠡᠭᠡᠪᠦᠷᠢᠯᠡᠵᠦ ᠪᠣᠯᠤᠨ᠎ᠠ᠂ ᠭᠡᠪᠡᠴᠦ ᠬᠥᠮᠦᠨ ᠲᠡᠭᠡᠭᠡᠪᠦᠷᠢᠯᠡᠬᠦ ᠳᠤ ᠬᠡᠷᠡᠭᠯᠡᠵᠦ ᠪᠣᠯᠬᠤ ᠦᠭᠡᠢ᠃    ᠲᠠᠪᠢᠨ ᠵᠢᠷᠭᠤᠳᠤᠭᠠᠷ ᠵᠦᠢᠯ ᠮᠠᠰᠢᠨᠲᠤ ᠲᠡᠷᠭᠡ ᠶᠢ ᠲᠣᠭᠲᠠᠭᠰᠠᠨ ᠭᠠᠵᠠᠷ ᠲᠤ ᠵᠣᠭᠰᠣᠭᠠᠬᠤ ᠬᠡᠷᠡᠭᠲᠡᠶ᠃ ᠶᠠᠪᠠᠭᠠᠨ ᠬᠥᠮᠦᠨ ᠤ ᠵᠠᠮ ᠳᠡᠭᠡᠷ᠎ᠡ ᠮᠠᠰᠢᠨᠲᠤ ᠲᠡᠷᠭᠡ ᠵᠣᠭᠰᠣᠭᠠᠬᠤ ᠶᠢ ᠴᠠᠭᠠᠵᠠᠯᠠᠨ᠎ᠠ︔ ᠭᠡᠪᠡᠴᠦ ᠲᠤᠰ ᠬᠠᠤᠯᠢ ᠶᠢᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠵᠠᠭᠠᠭᠯᠠᠨ ᠵᠢᠷᠤᠭᠰᠠᠨ ᠲᠡᠷᠭᠡ ᠵᠣᠭᠰᠣᠬᠤ ᠭᠠᠵᠠᠷ ᠡᠭᠦᠨ ᠳᠤ ᠪᠠᠭᠲᠠᠬᠤ ᠤᠢᠭᠡᠢ᠃     ᠵᠡᠮ ᠳᠡᠭᠡᠷ᠎ᠡ ᠲᠡᠷᠭᠡ ᠪᠠᠨ ᠲᠦᠷ ᠵᠣᠭᠰᠣᠭᠠᠬᠤ ᠳᠤ ᠪᠤᠰᠤᠳ ᠲᠡᠷᠭᠡ ᠤᠨᠤᠭ᠎ᠠ ᠪᠠ ᠶᠠᠪᠠᠭᠠᠨ ᠬᠥᠮᠦᠨ ᠤ ᠨᠡᠪᠲᠡᠷᠡᠬᠦ ᠶᠢ ᠬᠠᠷᠰᠢᠯᠠᠵᠤ ᠪᠣᠯᠬᠤ ᠤᠢᠭᠡᠢ᠃       ᠭᠤᠷᠪᠠᠳᠤᠭᠠᠷ ᠬᠡᠰᠡᠭ  ᠮᠠᠰᠢᠨᠲᠤ ᠪᠤᠰᠤ ᠲᠡᠷᠭᠡ ᠨᠡᠪᠲᠡᠷᠡᠬᠦ ᠲᠣᠭᠲᠠᠭᠠᠯ    ᠲᠠᠪᠢᠨ ᠳᠣᠯᠣᠳᠤᠭᠠᠷ ᠵᠦᠢᠯ ᠮᠠᠰᠢᠨᠲᠤ ᠪᠤᠰᠤ ᠲᠡᠷᠭᠡ ᠵᠢᠯᠣᠭᠤᠳᠴᠤ ᠵᠠᠮ ᠢᠶᠠᠷ ᠶᠠᠪᠤᠬᠤ ᠳᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠶ᠃ ᠮᠠᠰᠢᠨᠲᠤ ᠪᠤᠰᠤ ᠲᠡᠷᠭᠡ ᠨᠢ ᠮᠠᠰᠢᠨᠲᠤ ᠪᠤᠰᠤ ᠲᠡᠷᠭᠡᠨ ᠤ ᠵᠠᠮ ᠢᠶᠠᠷ ᠶᠠᠪᠤᠬᠤ ᠬᠡᠷᠡᠭᠲᠡᠶ︔ ᠮᠠᠰᠢᠨᠲᠤ ᠪᠤᠰᠤ ᠲᠡᠷᠭᠡᠨ ᠤ ᠵᠠᠮ ᠪᠠᠶᠢᠬᠤ ᠦᠬᠡᠢ ᠵᠠᠮ ᠢᠶᠠᠷ ᠶᠠᠪᠤᠬᠤ ᠳᠤ ᠪᠠᠨ ᠲᠡᠷᠭᠡᠨ ᠤ ᠵᠠᠮ ᠤᠨ ᠪᠠᠷᠠᠭᠤᠨ ᠲᠠᠯ᠎ᠠ ᠪᠠᠷ ᠶᠠᠪᠤᠬᠤ ᠬᠡᠷᠡᠭᠲᠡᠶ᠃    ᠲᠠᠪᠢᠨ ᠨᠠᠢᠮᠠᠳᠤᠭᠠᠷ ᠵᠦᠢᠯ ᠵᠡᠮᠳᠡᠭᠴᠦᠳ ᠤᠨ ᠮᠠᠰᠢᠨᠲᠤ ᠰᠠᠭᠤᠳᠠᠯᠲᠤ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠮᠠᠰᠢᠨᠲᠤ ᠪᠤᠰᠤ ᠲᠡᠷᠭᠡᠨ ᠵᠠᠮ ᠢᠶᠠᠷ ᠶᠠᠪᠤᠬᠤ ᠳᠤ ᠪᠠᠨ ᠬᠠᠮᠤᠭ ᠤᠨ ᠳᠡᠭᠡᠳᠦ ᠴᠠᠭ ᠤᠨ ᠬᠤᠷᠳᠤᠴᠠ ᠶᠢ ᠠᠷᠪᠠᠨ ᠲᠠᠪᠤᠨ ᠺᠢᠯᠦᠮᠧᠲᠷ ᠠᠴᠠ ᠬᠡᠲᠦᠷᠡᠭᠦᠯᠵᠦ ᠪᠣᠯᠬᠤ ᠦᠭᠡᠢ᠃    ᠲᠠᠪᠢ ᠶᠢᠰᠦᠳᠦᠭᠡᠷ ᠵᠦᠢᠯ ᠮᠠᠰᠢᠨᠲᠤ ᠪᠤᠰᠤ ᠲᠡᠷᠭᠡ ᠶᠢ ᠲᠣᠭᠲᠠᠭᠰᠠᠨ ᠭᠠᠵᠠᠷ ᠲᠤ ᠵᠣᠭᠰᠣᠭᠠᠬᠤ ᠬᠡᠷᠡᠭᠲᠡᠶ᠃ ᠲᠠᠯᠪᠢᠬᠤ ᠭᠠᠵᠠᠷ ᠭᠠᠷᠭᠠᠭᠰᠠᠨ ᠦᠭᠡᠢ ᠪᠠᠶᠢᠪᠠᠯ᠂ ᠮᠠᠰᠢᠨᠲᠤ ᠪᠤᠰᠤ ᠲᠡᠷᠭᠡ ᠶᠢ ᠲᠠᠯᠪᠢᠬᠤ ᠳᠤ ᠪᠠᠨ ᠪᠤᠰᠤᠳ ᠲᠡᠷᠭᠡ ᠪᠠ ᠶᠠᠪᠠᠭᠠᠨ ᠬᠥᠮᠦᠨ ᠤ ᠨᠡᠪᠲᠡᠷᠡᠬᠦ ᠶᠢ ᠬᠠᠷᠰᠢᠯᠠᠵᠤ ᠪᠣᠯᠬᠤ ᠦᠭᠡᠢ᠃    ᠵᠢᠷᠠᠳᠤᠭᠠᠷ ᠵᠦᠢᠯ ᠤᠨᠤᠭ᠎ᠠ ᠶᠢᠨ ᠬᠦᠴᠦᠨ ᠤ ᠲᠡᠷᠭᠡ ᠶᠠᠪᠤᠭᠤᠯᠬᠤ ᠳᠤ ᠪᠠᠨ ᠰᠤᠷᠭᠠᠭᠰᠠᠨ ᠤᠨᠤᠭ᠎ᠠ ᠶᠢ ᠬᠡᠷᠡᠭᠯᠡᠬᠦ ᠬᠡᠷᠡᠭᠲᠡᠶ︔ ᠤᠨᠤᠭ᠎ᠠ ᠶᠢᠨ ᠬᠦᠴᠦᠨ ᠤ ᠲᠡᠷᠭᠡ ᠪᠠᠷ ᠵᠡᠮ ᠣᠭᠲᠣᠯᠬᠤ ᠳᠤ ᠪᠠᠨ ᠲᠡᠷᠭᠡᠴᠢᠨ ᠲᠡᠷᠭᠡᠨ ᠠᠴᠠ ᠪᠠᠨ ᠪᠠᠭᠤᠵᠤ ᠤᠨᠤᠭ᠎ᠠ ᠪᠠᠨ ᠬᠦᠲᠦᠯᠬᠦ ᠬᠡᠷᠡᠭᠲᠡᠶ︔ ᠳᠡᠷᠭᠡᠴᠢᠨ ᠨᠢ ᠲᠡᠷᠭᠡ ᠠᠴᠠ ᠪᠠᠨ ᠰᠠᠯᠵᠤ ᠶᠠᠪᠤᠬᠤ ᠳᠤ ᠪᠠᠨ ᠤᠨᠤᠭ᠎ᠠ ᠪᠠᠨ ᠤᠶᠠᠬᠤ ᠬᠡᠷᠡᠭᠲᠡᠶ᠃     ᠳᠥᠷᠪᠡᠳᠦᠭᠡᠷ ᠬᠡᠰᠡᠭ  ᠶᠠᠪᠠᠭᠠᠨ ᠬᠥᠮᠦᠨ ᠪᠠ ᠲᠡᠷᠭᠡᠨ ᠳᠤ ᠰᠠᠭᠤᠭᠴᠢ ᠶᠢᠨ ᠵᠠᠮ ᠨᠡᠪᠲᠡᠷᠡᠯᠭᠡ ᠶᠢᠨ ᠲᠣᠭᠲᠠᠭᠠᠯ    ᠵᠢᠷᠠᠨ ᠨᠢᠭᠡᠳᠦᠭᠡᠷ ᠵᠦᠢᠯ ᠶᠠᠪᠠᠭᠠᠨ ᠬᠥᠮᠦᠨ ᠶᠠᠪᠠᠭᠠᠨ ᠬᠥᠮᠦᠨ ᠤ ᠵᠠᠮ ᠢᠶᠠᠷ ᠶᠠᠪᠤᠬᠤ ᠬᠡᠷᠡᠭᠲᠡᠶ᠂ ᠶᠠᠪᠠᠭᠠᠨ ᠬᠥᠮᠦᠨ ᠤ ᠵᠠᠮ ᠪᠠᠶᠢᠬᠤ ᠦᠭᠡᠢ ᠨᠢ ᠵᠠᠮ ᠤᠨ ᠬᠠᠵᠠᠭᠤ ᠪᠠᠷ ᠶᠠᠪᠤᠬᠤ ᠬᠡᠷᠡᠭᠲᠡᠶ᠃    ᠵᠢᠷᠠᠨ ᠬᠤᠶᠠᠳᠤᠭᠠᠷ ᠵᠦᠢᠯ ᠶᠠᠪᠠᠭᠠᠨ ᠬᠥᠮᠦᠨ ᠵᠠᠮ ᠤᠨ ᠠᠭᠤᠯᠵᠠᠷ ᠢᠶᠠᠷ ᠥᠩᠭᠡᠷᠡᠬᠦ ᠪᠤᠶᠤ ᠵᠠᠮ ᠣᠭᠲᠣᠯᠬᠤ ᠳᠤ ᠪᠠᠨ ᠶᠠᠪᠠᠭᠠᠨ ᠬᠥᠮᠦᠨ ᠤ ᠬᠥᠨᠳᠡᠯᠡᠨ ᠵᠠᠮ ᠪᠤᠶᠤ ᠵᠡᠭᠡᠯᠢ ᠥᠩᠭᠡᠷᠡᠬᠦ ᠲᠥᠬᠦᠭᠡᠷᠦᠮᠵᠢ ᠪᠠᠷ ᠶᠠᠪᠤᠬᠤ ᠬᠡᠷᠡᠭᠲᠡᠢ︔ ᠵᠠᠮ ᠬᠠᠷᠢᠯᠴᠠᠭᠠᠨ ᠤ ᠳᠤᠬᠢᠶᠠᠨ ᠳ᠋ᠧᠩ ᠲᠠᠢ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠥᠩᠭᠡᠷᠡᠬᠦ ᠳᠤ ᠪᠠᠨ ᠵᠠᠮ ᠬᠠᠷᠢᠯᠴᠠᠭᠠᠨ ᠤ ᠳᠤᠬᠢᠶᠠᠨ ᠳ᠋ᠧᠩ ᠤᠨ ᠵᠢᠭᠠᠪᠤᠷᠢ ᠪᠠᠷ ᠶᠠᠪᠤᠬᠤ ᠬᠡᠷᠡᠭᠲᠡᠶ︔ ᠵᠠᠮ ᠬᠠᠷᠢᠯᠴᠠᠭᠠᠨ ᠤ ᠳᠤᠬᠢᠶᠠᠨ ᠳ᠋ᠧᠩ᠂ ᠶᠠᠪᠠᠭᠠᠨ ᠬᠥᠮᠦᠨ ᠤ ᠬᠥᠨᠳᠡᠯᠡᠨ ᠵᠠᠮ ᠪᠠᠶᠢᠬᠤ ᠦᠬᠡᠢ ᠵᠠᠮ ᠤᠨ ᠠᠭᠤᠯᠵᠠᠷ ᠢᠶᠠᠷ ᠥᠩᠭᠡᠷᠡᠬᠦ ᠪᠤᠶᠤ ᠵᠡᠭᠡᠯᠢ ᠪᠠᠷ ᠥᠩᠭᠡᠷᠡᠬᠦ ᠲᠥᠬᠦᠭᠡᠷᠦᠮᠵᠢ ᠪᠠᠶᠢᠬᠤ ᠦᠬᠡᠢ ᠵᠠᠮ ᠤᠨ ᠬᠡᠰᠡᠭ ᠢᠶᠠᠷ ᠵᠠᠮ ᠣᠭᠲᠣᠯᠬᠤ ᠳᠤ ᠪᠠᠨ ᠠᠶᠤᠯᠭᠦᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠩᠭᠡᠷᠡᠬᠦ ᠬᠡᠷᠡᠭᠲᠡᠶ᠃     ᠵᠢᠷᠠᠨ ᠭᠤᠷᠪᠠᠳᠤᠭᠠᠷ ᠵᠦᠢᠯ ᠶᠠᠪᠠᠭᠠᠨ ᠬᠥᠮᠦᠨ ᠵᠠᠮ ᠢ ᠲᠤᠰᠠᠭᠠᠷᠯᠠᠬᠤ ᠲᠥᠬᠦᠭᠡᠷᠦᠮᠵᠢ ᠶᠢ ᠳᠠᠪᠠᠭ᠋ᠤ ᠪᠤᠶᠤ ᠲᠦᠰᠢᠨ ᠰᠠᠭᠤᠵᠤ ᠪᠣᠯᠬᠤ ᠦᠭᠡᠢ᠂ ᠲᠡᠷᠭᠡᠨ ᠳᠤ ᠠᠪᠠᠷᠢᠬᠤ᠂ ᠲᠡᠷᠭᠡ ᠶᠢ ᠠᠯᠪᠠ ᠪᠠᠷ ᠬᠠᠰᠢᠬᠤ ᠪᠤᠶᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠷᠰᠢᠯᠠᠬᠤ ᠪᠤᠰᠤᠳ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃     ᠵᠢᠷᠠᠨ ᠳᠥᠷᠪᠡᠳᠦᠭᠡᠷ ᠵᠦᠢᠯ ᠰᠤᠷᠬᠤ ᠨᠠᠰᠤᠨ ᠠᠴᠠ ᠡᠮᠦᠨᠡᠬᠢ ᠬᠡᠦᠬᠡᠳ ᠵᠢᠴᠢ ᠥᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ ᠪᠤᠶᠤ ᠡᠵᠡᠮᠳᠡᠵᠦ ᠴᠢᠳᠠᠬᠤ ᠦᠭᠡᠢ ᠮᠡᠳᠡᠷᠡᠯ ᠤᠨ ᠡᠪᠡᠳᠴᠢᠲᠡᠨ᠂ ᠤᠶᠤᠨ ᠤ ᠰᠠᠭᠠᠳ ᠲᠠᠢ ᠬᠥᠮᠦᠨ ᠵᠠᠮ ᠢᠶᠠᠷ ᠶᠠᠪᠤᠬᠤ ᠳᠤ ᠲᠡᠭᠦᠨ ᠤ ᠬᠢᠨᠠᠨ ᠬᠠᠮᠠᠭᠠᠯᠠᠭᠴᠢ᠂ ᠬᠢᠨᠠᠨ ᠬᠠᠮᠠᠭᠠᠯᠠᠭᠴᠢ ᠶᠢᠨ ᠨᠠᠶᠢᠳᠠᠭᠰᠠᠨ ᠬᠥᠮᠦᠨ ᠪᠤᠶᠤ ᠲᠡᠭᠦᠨ ᠢ ᠬᠠᠮᠢᠶᠠᠷᠬᠤ᠂ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠲᠠᠢ ᠬᠥᠮᠦᠨ ᠳᠠᠭᠠᠭᠤᠯᠬᠤ ᠬᠡᠷᠡᠭᠲᠡᠢ᠃     ᠰᠣᠬᠤᠷ ᠬᠥᠮᠦᠨ ᠵᠠᠮ ᠢᠶᠠᠷ ᠶᠠᠪᠤᠬᠤ ᠳᠤ ᠪᠠᠨ ᠰᠣᠬᠤᠷ ᠬᠥᠮᠦᠨ ᠤ ᠲᠠᠶᠠᠭ ᠬᠡᠷᠡᠭᠯᠡᠬᠦ ᠪᠤᠶᠤ ᠰᠣᠬᠤᠷ ᠬᠥᠮᠦᠨ ᠢ ᠵᠠᠮᠴᠢᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠂ ᠲᠡᠷᠭᠡ ᠰᠣᠬᠤᠷ ᠬᠥᠮᠦᠨ ᠳᠤ ᠵᠠᠮ ᠲᠠᠯᠪᠢᠵᠤ ᠥᠭᠬᠦ ᠬᠡᠷᠡᠭᠲᠡᠶ᠃     ᠵᠢᠷᠠᠨ ᠲᠠᠪᠤᠳᠤᠭᠠᠷ ᠵᠦᠢᠯ ᠶᠠᠪᠠᠭᠠᠨ ᠬᠥᠮᠦᠨ ᠲᠡᠮᠦᠷ ᠵᠠᠮ ᠤᠨ ᠠᠭᠤᠯᠵᠠᠷ ᠢᠶᠠᠷ ᠥᠩᠭᠡᠷᠡᠬᠦ ᠳᠤ ᠪᠠᠨ ᠵᠠᠮ ᠬᠠᠷᠢᠯᠴᠠᠭᠠᠨ ᠤ ᠳᠤᠬᠢᠶ᠎ᠠ ᠪᠤᠶᠤ ᠬᠠᠮᠢᠶᠠᠷᠤᠯᠲᠠ ᠶᠢᠨ ᠠᠵᠢᠯᠳᠠᠨ ᠤ ᠵᠢᠯᠤᠭᠤᠳᠤᠯᠭ᠎ᠠ ᠪᠠᠷ ᠶᠠᠪᠤᠬᠤ ᠬᠡᠷᠡᠭᠲᠡᠢ︔ ᠵᠠᠮ ᠬᠠᠷᠢᠯᠴᠠᠭᠠᠨ ᠤ ᠳᠤᠬᠢᠶ᠎ᠠ ᠪᠠ ᠬᠠᠮᠢᠶᠠᠷᠤᠯᠲᠠ ᠶᠢᠨ ᠠᠵᠢᠯᠳᠠᠨ ᠪᠠᠶᠢᠬᠤ ᠦᠬᠡᠢ ᠪᠣᠯ ᠭᠠᠯᠲᠤ ᠲᠡᠷᠭᠡ ᠬᠦᠷᠴᠦ ᠢᠷᠡᠬᠦ ᠦᠬᠡᠢ ᠭᠡᠵᠦ ᠨᠤᠲᠠᠯᠠᠭᠰᠠᠨ ᠤ ᠳᠠᠷᠠᠭ᠎ᠠ ᠳᠠᠷᠤᠶ ᠲᠦᠷᠭᠡᠨ ᠥᠩᠭᠡᠷᠡᠬᠦ ᠬᠡᠷᠡᠭᠲᠡᠶ᠃     ᠵᠢᠷᠠᠨ ᠵᠢᠷᠭᠤᠳᠤᠭᠠᠷ ᠵᠦᠢᠯ ᠲᠡᠷᠭᠡᠨ ᠳᠤ ᠰᠠᠭᠤᠭᠴᠢ ᠨᠣᠴᠣᠮᠠᠲᠠᠭᠠᠶ ᠳᠡᠯᠪᠡᠷᠡᠮᠡᠲᠡᠭᠡᠶ ᠵᠡᠷᠭᠡ ᠠᠶᠤᠯᠲᠠᠶ ᠪᠣᠳᠠᠰ ᠢ ᠠᠪᠴᠤ ᠶᠠᠪᠤᠵᠤ ᠪᠣᠯᠬᠤ ᠦᠭᠡᠢ᠂ ᠲᠡᠷᠭᠡᠨ ᠠᠴᠠ ᠭᠠᠳᠠᠭᠰᠢ ᠶᠠᠭᠤᠮ᠎ᠠ ᠬᠠᠶᠠᠵᠤ ᠠᠰᠬᠠᠵᠤ ᠪᠣᠯᠬᠤ ᠦᠭᠡᠢ᠂ ᠵᠢᠯᠣᠭᠤᠴᠢ ᠶᠢᠨ ᠠᠶᠤᠯᠭᠦᠶ ᠪᠠᠷ ᠵᠢᠯᠣᠭᠤᠳᠬᠤ ᠶᠢ ᠨᠥᠯᠥᠭᠡᠯᠡᠬᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃      ᠲᠠᠪᠤᠳᠤᠭᠠᠷ ᠬᠡᠰᠡᠭ ᠳᠡᠭᠡᠲᠦ ᠬᠤᠷᠲᠤ ᠶᠢᠨ ᠵᠠᠰᠠᠮᠠᠯ ᠵᠠᠮ ᠤᠨ ᠲᠤᠬᠠᠶ ᠣᠨᠴᠠᠭᠠᠶ ᠲᠣᠭᠲᠠᠭᠠᠯ     ᠵᠢᠷᠠᠨ ᠳᠣᠯᠣᠳᠤᠭᠠᠷ ᠵᠦᠢᠯ ᠶᠠᠪᠠᠭᠠᠨ ᠬᠥᠮᠦᠨ᠂ ᠮᠠᠰᠢᠨᠲᠤ ᠪᠤᠰᠤ ᠲᠡᠷᠭᠡ᠂ ᠲᠷᠠᠺᠲ᠋ᠣᠷ᠂ ᠲᠤᠰᠬᠠᠶ ᠬᠡᠷᠡᠭᠯᠡᠭᠡᠨ ᠤ ᠬᠦᠷᠳᠦᠲᠦ ᠮᠧᠬᠠᠨᠢᠭ ᠲᠡᠷᠭᠡ᠂ ᠠᠶᠠᠨᠴᠢᠳ ᠤᠨ ᠲᠡᠷᠭᠡ᠂ ᠪᠦᠷᠢᠨ ᠴᠢᠷᠭᠡᠦᠯ ᠲᠡᠷᠭᠡ ᠵᠢᠴᠢ ᠵᠢᠷᠤᠵᠤ ᠲᠥᠯᠥᠪᠯᠡᠭᠰᠡᠨ ᠬᠠᠮᠤᠭ ᠤᠨ ᠳᠡᠭᠡᠳᠦ ᠴᠠᠭ ᠤᠨ ᠬᠤᠷᠳᠤᠴᠠ ᠨᠢ ᠲᠠᠯᠠᠨ ᠺᠢᠯᠤᠮᠧᠲᠷ ᠠᠴᠠ ᠳᠣᠣᠷ᠎ᠠ ᠪᠠᠶᠢᠬᠤ ᠪᠤᠰᠤᠳ ᠮᠠᠰᠢᠨᠲᠤ ᠲᠡᠷᠭᠡ ᠳᠡᠭᠡᠲᠦ ᠬᠤᠷᠲᠤ ᠶᠢᠨ ᠵᠠᠰᠠᠮᠠᠯ ᠵᠠᠮ ᠳᠤ ᠭᠠᠷᠴᠤ ᠪᠣᠯᠬᠤ ᠦᠭᠡᠢ᠃ ᠳᠡᠭᠡᠲᠦ ᠬᠤᠷᠲᠤ ᠶᠢᠨ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠢᠯᠡᠳᠬᠡᠮᠵᠢ ᠳᠡᠮᠳᠡᠭ ᠲᠤ ᠲᠣᠳᠣᠷᠬᠠᠶᠢᠯᠠᠭᠰᠠᠨ ᠬᠠᠮᠤᠭ ᠤᠨ ᠳᠡᠭᠡᠳᠦ ᠴᠠᠭ ᠤᠨ ᠬᠤᠷᠳᠤᠴᠠ ᠨᠢ ᠵᠠᠭᠤ ᠬᠤᠷᠢᠨ ᠺᠢᠯᠤᠮᠧᠲᠷ ᠠᠴᠠ ᠬᠡᠲᠦᠷᠡᠵᠦ ᠪᠣᠯᠬᠤ ᠦᠬᠡᠢ᠃     ᠵᠢᠷᠠᠨ ᠨᠠᠢᠮᠠᠳᠤᠭᠠᠷ ᠵᠦᠢᠯ ᠮᠠᠰᠢᠨᠲᠤ ᠲᠡᠷᠭᠡ ᠳᠡᠭᠡᠲᠦ ᠬᠤᠷᠲᠤ ᠶᠢᠨ ᠵᠠᠰᠠᠮᠠᠯ ᠵᠠᠮ ᠳᠡᠭᠡᠷ᠎ᠡ ᠭᠡᠮᠲᠦᠯ ᠭᠠᠷᠪᠠᠯ᠂ ᠳᠤᠰ ᠬᠠᠤᠯᠢ ᠶᠢᠨ ᠳᠠᠪᠢᠨ ᠬᠤᠶᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ︔ ᠭᠡᠬᠦ ᠳᠤ ᠪᠠᠨ ᠰᠡᠷᠡᠮᠵᠢ ᠶᠢᠨ ᠢᠯᠡᠳᠬᠡᠮᠵᠢ ᠳᠡᠮᠳᠡᠭ ᠢ ᠡᠪᠳᠡᠷᠡᠭᠰᠡᠨ ᠲᠡᠷᠭᠡ ᠶᠢᠨ ᠢᠷᠡᠬᠦ ᠴᠢᠭᠯᠡᠯ ᠠᠴᠠ ᠵᠠᠭᠤ ᠲᠠᠪᠢᠨ ᠮᠧᠲᠷ ᠤᠨ ᠭᠠᠳᠠᠨ᠎ᠠ ᠲᠠᠯᠪᠢᠵᠤ᠂ ᠲᠡᠷᠭᠡᠨ ᠳᠡᠭᠡᠷᠡᠬᠢ ᠬᠥᠮᠦᠰ ᠪᠠᠷᠠᠭᠤᠨ ᠲᠠᠯ᠎ᠠ ᠶᠢᠨ ᠵᠠᠮ ᠤᠨ ᠮᠥᠷᠥ ᠳᠡᠭᠡᠷ᠎ᠡ ᠪᠤᠶᠤ ᠪᠠᠴᠢᠮ ᠪᠠᠶᠢᠳᠠᠯ ᠢ ᠠᠷᠭᠠᠴᠠᠬᠤ ᠲᠡᠷᠭᠡᠨ ᠵᠠᠮ ᠳᠤ ᠦᠳᠲᠡᠷ ᠲᠦᠷᠭᠡᠨ ᠰᠢᠯᠵᠢᠬᠦ ᠬᠡᠷᠡᠭᠲᠡᠶ ᠪᠥᠭᠡᠳ ᠦᠳᠲᠡᠷ ᠲᠦᠷᠭᠡᠨ ᠢᠶᠠᠷ ᠲᠦᠭᠰᠢᠭᠦᠷᠢ ᠮᠡᠳᠡᠭᠦᠯᠬᠦ ᠬᠡᠷᠡᠭᠲᠡᠶ᠃    ᠮᠠᠰᠢᠨᠲᠤ ᠲᠡᠷᠭᠡ ᠳᠡᠭᠡᠲᠦ ᠬᠤᠷᠲᠤ ᠶᠢᠨ ᠵᠠᠰᠠᠮᠠᠯ ᠵᠠᠮ ᠳᠡᠭᠡᠷ᠎ᠡ ᠭᠡᠮᠲᠦᠯ ᠭᠠᠷᠤᠭᠰᠠᠨ ᠪᠤᠶᠤ ᠵᠠᠮ ᠬᠠᠷᠢᠯᠴᠠᠭᠠᠨ ᠤ ᠭᠡᠨᠡᠳᠡᠯ ᠭᠠᠷᠤᠭᠠᠳ ᠬᠡᠪ ᠤᠨ ᠪᠠᠶᠢᠳᠠᠯ ᠢᠶᠠᠷ ᠶᠠᠪᠤᠵᠤ ᠴᠢᠳᠠᠬᠤ ᠦᠭᠡᠢ ᠪᠣᠯᠤᠭᠰᠠᠨ ᠪᠠᠶᠢᠪᠠᠯ᠂ ᠠᠪᠤᠷᠠᠨ ᠲᠤᠰᠠᠯᠠᠬᠤ ᠲᠡᠷᠭᠡ᠂ ᠰᠠᠭᠠᠳ ᠠᠷᠢᠯᠭᠠᠬᠤ ᠲᠡᠷᠭᠡ ᠪᠠᠷ ᠴᠢᠷᠦᠭᠦᠯᠬᠦ ᠬᠡᠷᠡᠭᠲᠡᠶ᠃     ᠵᠢᠷᠠ ᠶᠢᠰᠦᠳᠦᠭᠡᠷ ᠵᠦᠢᠯ  ᠶᠠᠮᠠᠷᠪᠠ ᠨᠢᠭᠡᠴᠢ᠂ ᠬᠤᠪᠢ ᠬᠥᠮᠦᠨ ᠳᠡᠭᠡᠲᠦ ᠬᠤᠷᠲᠤ ᠶᠢᠨ ᠵᠠᠰᠠᠮᠠᠯ ᠵᠠᠮ ᠳᠡᠭᠡᠷ᠎ᠡ ᠶᠠᠪᠤᠵᠤ ᠪᠠᠶᠢᠭ᠎ᠠ ᠲᠡᠷᠭᠡ ᠶᠢ ᠬᠠᠰᠢᠵᠤ ᠪᠠᠶᠢᠴᠠᠭᠠᠵᠤ ᠪᠣᠯᠬᠤ ᠦᠭᠡᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠪᠠᠴᠢᠮ ᠠᠯᠪᠠᠨ ᠡᠭᠦᠷᠭᠡ ᠭᠦᠢᠴᠡᠳᠬᠡᠬᠦ ᠶᠠᠪᠤᠳᠠᠯ ᠡᠭᠦᠨ ᠳᠤ ᠪᠠᠭᠲᠠᠬᠤ ᠦᠭᠡᠢ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ