ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠭᠤᠷᠪᠠ︶
ᠨᠡᠶᠢᠲᠡᠯᠡᠭᠰᠡᠨ ᠴᠠᠭ᠄
2024/4/25
       ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶              ᠭᠤᠷᠪᠠᠳᠤᠭᠠᠷ ᠪᠦᠯᠦᠭ   ᠵᠠᠮ ᠨᠡᠪᠲᠡᠷᠡᠯᠭᠡ ᠶᠢᠨ ᠨᠥᠬᠦᠴᠡᠯ        ᠬᠤᠷᠢᠨ ᠲᠠᠪᠤᠳᠤᠭᠠᠷ ᠵᠦᠢᠯ  ᠪᠦ᠋ᠬᠦ ᠤᠯᠤᠰ ᠲᠤ ᠵᠠᠮ ᠬᠠᠷᠢᠯᠴᠠᠭᠠᠨ ᠤ ᠨᠢᠭᠡᠳᠦᠯᠲᠡᠶ ᠳᠤᠬᠢᠶᠠᠨ ᠳᠡᠮᠳᠡᠭ ᠢ ᠬᠡᠷᠡᠭᠵᠢᠭᠦᠯᠦᠨ᠎ᠡ᠃      ᠵᠠᠮ ᠬᠠᠷᠢᠯᠴᠠᠭᠠᠨ ᠤ ᠳᠤᠬᠢᠶᠠᠨ ᠳᠡᠮᠳᠡᠭ ᠲᠤ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠪᠠ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠭᠲᠠᠨ᠎ᠠ᠃     ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠶᠢ ᠪᠠᠶᠢᠷᠢᠯᠠᠭᠤᠯᠬᠤ ᠳᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠱᠠᠭᠠᠷᠳᠠᠯᠭ᠎ᠠ ᠪᠠ ᠤᠯᠤᠰ ᠤᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ ᠪᠥᠭᠡᠳ ᠲᠣᠳᠣᠷᠬᠠᠶ᠂ ᠢᠯᠡ ᠲᠣᠳᠣ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠶ᠃    ᠵᠠᠮ ᠨᠡᠪᠲᠡᠷᠡᠯᠭᠡ ᠶᠢᠨ ᠬᠡᠷᠡᠭᠴᠡᠭᠡ ᠶᠢ ᠦᠨᠳᠦᠰᠦᠯᠡᠨ᠂ ᠵᠠᠮ ᠬᠠᠷᠢᠯᠴᠠᠭᠠᠨ ᠤ ᠳᠤᠬᠢᠶ᠎ᠠ ᠶᠢ ᠴᠠᠭ ᠲᠤᠬᠠᠶ ᠳᠤ ᠨᠢ ᠨᠡᠮᠡᠵᠦ᠂ ᠰᠣᠯᠢᠵᠤ᠂ ᠰᠢᠨᠡᠳᠬᠡᠬᠦ ᠬᠡᠷᠡᠭᠲᠡᠶ᠃ ᠵᠠᠮ ᠬᠠᠷᠢᠯᠴᠠᠭᠠᠨ ᠤ ᠬᠢᠵᠠᠭᠠᠷᠯᠠᠯ ᠤᠨ ᠴᠢᠨᠠᠷᠲᠠᠶ ᠳᠤᠬᠢᠶ᠎ᠠ ᠶᠢ ᠨᠡᠮᠡᠵᠦ ᠭᠠᠷᠭᠠᠬᠤ᠂ ᠰᠣᠯᠢᠬᠤ᠂ ᠰᠢᠨᠡᠳᠬᠡᠬᠦ ᠳᠤ ᠪᠠᠨ ᠨᠡᠶᠢᠭᠡᠮ ᠨᠡᠶᠢᠲᠡ ᠳᠤ ᠤᠷᠢᠳᠴᠢᠯᠠᠨ ᠵᠠᠷᠯᠠᠨ ᠨᠡᠶᠢᠲᠡᠯᠡᠵᠦ᠂ ᠥᠷᠭᠡᠨ ᠢᠶᠠᠷ ᠤᠬᠠᠭᠤᠯᠬᠤ ᠬᠡᠷᠡᠭᠲᠡᠶ᠃    ᠬᠤᠷᠢᠨ ᠵᠢᠷᠭᠤᠳᠤᠭᠠᠷ ᠵᠦᠢᠯ ᠵᠠᠮ ᠬᠠᠷᠢᠯᠴᠠᠭᠠᠨ ᠤ ᠳᠤᠬᠢᠶᠠᠨ ᠳ᠋ᠧᠩ ᠨᠢ ᠤᠯᠠᠭᠠᠨ ᠳ᠋ᠧᠩ᠂ ᠨᠣᠭᠤᠭᠠᠨ ᠳ᠋ᠧᠩ᠂ ᠰᠢᠷ᠎ᠠ ᠳ᠋ᠧᠩ ᠢᠶᠠᠷ ᠪᠦᠷᠢᠯᠳᠦᠨ᠎ᠡ᠃ ᠤᠯᠠᠭᠠᠨ ᠳ᠋ᠧᠩ ᠨᠢ ᠨᠡᠪᠲᠡᠷᠡᠬᠦ ᠶᠢ ᠴᠠᠭᠠᠵᠠᠯᠠᠬᠤ᠂ ᠨᠣᠭᠤᠭᠠᠨ ᠳ᠋ᠧᠩ ᠨᠢ ᠨᠡᠪᠲᠡᠷᠡᠬᠦ ᠶᠢ ᠵᠥᠪᠰᠢᠶᠡᠷᠡᠬᠦ᠂ ᠰᠢᠷ᠎ᠠ ᠳ᠋ᠧᠩ ᠨᠢ ᠰᠡᠷᠡᠮᠵᠢᠯᠡᠭᠦᠯᠬᠦ ᠶᠢ ᠢᠯᠡᠳᠬᠡᠨ᠎ᠡ᠃    ᠬᠤᠷᠢᠨ ᠳᠣᠯᠣᠳᠤᠭᠠᠷ ᠵᠦᠢᠯ ᠲᠡᠮᠦᠷ ᠵᠠᠮ ᠪᠣᠯᠤᠨ ᠵᠠᠮ ᠤᠨ ᠲᠡᠭᠰᠢ ᠣᠭᠲᠣᠯᠣᠯᠴᠠᠬᠤ ᠵᠠᠮ ᠤᠨ ᠠᠭᠤᠯᠵᠠᠷ ᠲᠤ ᠰᠡᠷᠡᠮᠵᠢ ᠶᠢᠨ ᠳ᠋ᠧᠩ᠂ ᠰᠡᠷᠡᠮᠵᠢ ᠶᠢᠨ ᠢᠯᠡᠳᠬᠡᠮᠵᠢ ᠳᠡᠮᠳᠡᠭ ᠪᠤᠶᠤ ᠠᠶᠤᠯᠭᠦᠶ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠲᠠᠭᠠᠷᠠᠭᠤᠯᠬᠤ ᠬᠡᠷᠡᠭᠲᠡᠶ᠃ ᠬᠥᠮᠦᠨ ᠰᠠᠬᠢᠨ ᠬᠠᠷᠠᠵᠤ ᠪᠠᠶᠢᠬᠤ ᠦᠭᠡᠶ ᠲᠡᠮᠦᠷ ᠵᠠᠮ ᠤᠨ ᠠᠭᠤᠯᠵᠠᠷ ᠠᠴᠠ ᠵᠣᠬᠢᠬᠤ ᠵᠠᠶ ᠲᠠᠢ ᠭᠠᠵᠠᠷ ᠲᠤ ᠰᠡᠷᠡᠮᠵᠢᠯᠡᠭᠦᠯᠬᠦ ᠲᠡᠮᠳᠡᠭ ᠭᠠᠷᠭᠠᠬᠤ ᠬᠡᠷᠡᠭᠲᠡᠶ᠃    ᠬᠤᠷᠢᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠶᠢ ᠳᠤᠷ᠎ᠠ ᠪᠠᠷ ᠢᠶᠠᠨ ᠲᠠᠯᠪᠢᠵᠤ᠂ ᠰᠢᠯᠵᠢᠭᠦᠯᠵᠦ᠂ ᠡᠵᠡᠯᠡᠨ ᠬᠡᠷᠡᠭᠯᠡᠵᠦ᠂ ᠡᠪᠳᠡᠨ ᠰᠦᠢᠳᠬᠡᠵᠦ ᠪᠣᠯᠬᠤ ᠦᠬᠡᠢ᠃    ᠵᠠᠮ ᠤᠨ ᠬᠤᠶᠠᠷ ᠲᠠᠯ᠎ᠠ ᠵᠢᠴᠢ ᠲᠤᠰᠠᠭᠠᠷᠯᠠᠬᠤ ᠪᠦᠰᠡ ᠳᠡᠭᠡᠷ᠎ᠡ ᠲᠠᠷᠢᠭᠰᠠᠨ ᠮᠣᠳᠣ ᠪᠤᠶᠤ ᠪᠤᠰᠤᠳ ᠤᠷᠭᠤᠮᠠᠯ᠂ ᠲᠠᠯᠪᠢᠭᠰᠠᠨ ᠵᠠᠷ ᠤᠨ ᠫᠠᠶᠢᠰᠠ᠂ ᠬᠤᠭᠤᠯᠠᠢ ᠱᠤᠭᠤᠮ ᠵᠡᠷᠭᠡ ᠶᠢ ᠵᠠᠮ ᠬᠠᠷᠢᠯᠴᠠᠭᠠᠨ ᠤ ᠲᠥᠬᠦᠭᠡᠷᠦᠮᠵᠢ ᠠᠴᠠ ᠴᠢᠬᠤᠯᠠ ᠪᠦᠬᠦᠢ ᠵᠠᠶ ᠲᠠᠢ ᠪᠠᠶᠢᠯᠭᠠᠬᠤ ᠬᠡᠷᠡᠭᠲᠡᠶ᠂ ᠵᠠᠮ ᠤᠨ ᠳ᠋ᠧᠩ᠂ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ ᠢ ᠬᠠᠯᠬᠠᠯᠠᠵᠤ ᠪᠣᠯᠬᠤ ᠦᠭᠡᠢ᠂ ᠠᠮᠤᠷ ᠲᠦᠪᠰᠢᠨ ᠤ ᠬᠠᠷᠠᠭᠠᠨ ᠵᠠᠶ ᠶᠢ ᠬᠠᠷᠰᠢᠯᠠᠵᠤ ᠪᠣᠯᠬᠤ ᠦᠭᠡᠢ᠂ ᠵᠠᠮ ᠨᠡᠪᠲᠡᠷᠡᠯᠭᠡ ᠶᠢ ᠨᠥᠯᠥᠭᠡᠯᠡᠵᠦ ᠪᠣᠯᠬᠤ ᠦᠭᠡᠢ᠃    ᠬᠤᠷᠢ ᠶᠢᠰᠦᠳᠦᠭᠡᠷ ᠵᠦᠢᠯ ᠵᠠᠮ᠂ ᠲᠡᠷᠭᠡᠨ ᠵᠣᠭᠰᠣᠭᠠᠯ ᠪᠣᠯᠤᠨ ᠵᠠᠮ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠪᠦᠳᠦᠭᠡᠨ ᠪᠠᠶᠢᠭᠤᠯᠬᠤ ᠳᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ ᠪᠥᠭᠡᠳ ᠵᠠᠮ ᠬᠠᠷᠢᠯᠴᠠᠭᠠᠨ ᠤ ᠬᠡᠷᠡᠭᠴᠡᠭᠡ ᠶᠢ ᠦᠨᠳᠦᠰᠦᠯᠡᠨ ᠴᠠᠭ ᠲᠤᠬᠠᠶ ᠳᠤ ᠨᠢ ᠲᠤᠬᠢᠷᠠᠭᠤᠯᠤᠯᠳᠠ ᠬᠢᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠵᠠᠮ ᠪᠠᠶᠢᠨ ᠳᠠᠬᠢᠨ ᠠᠳᠡᠯ ᠭᠠᠷᠴᠤ ᠪᠠᠶᠢᠬᠤ ᠬᠡᠰᠡᠭ ᠪᠤᠶᠤ ᠲᠡᠷᠭᠡᠨ ᠵᠣᠭᠰᠣᠭᠠᠯ᠂ ᠵᠠᠮ ᠤᠨ ᠢᠵᠢ ᠪᠦᠷᠢᠳᠦᠭᠦᠯᠬᠦ ᠪᠡᠯᠡᠳᠬᠡᠮᠵᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠨᠳᠦ ᠨᠣᠴᠢᠲᠠᠶ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤ ᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ᠂ ᠳᠠᠯᠳᠠ ᠭᠡᠮ ᠢ ᠠᠷᠢᠯᠭᠠᠬᠤ ᠰᠠᠨᠠᠭᠤᠯᠭ᠎ᠠ ᠳᠤᠷᠠᠳᠴᠤ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠴᠠᠭ ᠲᠤᠬᠠᠶ ᠳᠤ ᠨᠢ ᠲᠣᠭᠲᠠᠭᠠᠯ ᠭᠠᠷᠭᠠᠬᠤ ᠬᠡᠷᠡᠭᠲᠡᠶ᠃    ᠭᠤᠴᠢᠳᠤᠭᠠᠷ ᠵᠦᠢᠯ ᠵᠠᠮ ᠶᠡᠭᠦᠷᠡᠬᠦ᠂ ᠬᠤᠨᠭ᠍ᠬᠢᠯ ᠲᠠᠲᠠᠬᠤ᠂ ᠦᠶᠡᠷ ᠤᠰᠤᠨ ᠳᠤ ᠠᠪᠲᠠᠬᠤ᠂ ᠭᠦᠳᠦ᠋ᠢᠬᠦ ᠵᠡᠷᠭᠡ ᠡᠪᠳᠡᠷᠡᠵᠦ ᠰᠦᠢᠳᠦᠭᠰᠡᠨ ᠪᠤᠶᠤ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ᠂ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠵᠡᠷᠭᠡ ᠵᠠᠮ ᠬᠠᠷᠢᠯᠴᠠᠭᠠᠨ ᠤ ᠲᠥᠬᠦᠭᠡᠷᠦᠮᠵᠢ ᠡᠪᠳᠡᠷᠡᠵᠦ ᠰᠦᠢᠳᠦᠭᠰᠡᠨ᠂ ᠤᠰᠠᠳᠴᠤ ᠭᠡᠭᠡᠭᠳᠡᠭᠰᠡᠨ ᠪᠠᠶᠢᠪᠠᠯ᠂ ᠵᠠᠮ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠪᠤᠶᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠬᠤ ᠬᠡᠷᠡᠭᠲᠡᠶ ᠪᠥᠭᠡᠳ ᠴᠠᠭ ᠲᠤᠬᠠᠶ ᠳᠤ ᠨᠢ ᠵᠠᠰᠠᠵᠤ ᠰᠡᠷᠭᠦᠭᠡᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠮᠦᠨᠡᠬᠢ ᠪᠠᠳᠠᠭ ᠲᠤ ᠳᠤᠷᠠᠳᠤᠭᠰᠠᠨ ᠪᠠᠶᠢᠳᠠᠯ ᠲᠠᠢ ᠢ ᠣᠯᠵᠤ ᠮᠡᠳᠡᠪᠡᠯ᠂ ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠬᠤ ᠶᠢ ᠣᠯᠵᠤ ᠮᠡᠳᠡᠭᠡᠳ᠂ ᠰᠡᠷᠡᠮᠵᠢ ᠶᠢᠨ ᠢᠯᠡᠳᠬᠡᠮᠵᠢ ᠳᠡᠮᠳᠡᠭ ᠬᠠᠷᠠᠬᠠᠨ ᠲᠠᠯᠪᠢᠭᠠᠳᠤᠶ ᠪᠠᠶᠢᠪᠠᠯ᠂ ᠴᠠᠭ ᠲᠤᠬᠠᠶ ᠳᠤ ᠨᠢ ᠠᠶᠤᠯᠭᠦᠶ ᠶᠢᠨ ᠠᠷᠭ᠎ᠠ ᠬᠡᠮᠵᠢᠶ᠎ᠡ ᠠᠪᠴᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ ᠬᠡᠷᠡᠭᠲᠡᠶ ᠪᠥᠭᠡᠳ ᠵᠠᠮ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠪᠤᠶᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃    ᠭᠤᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠵᠥᠪᠰᠢᠶᠡᠷᠡᠯ ᠦᠭᠡᠢ ᠪᠠᠷ ᠵᠠᠮ ᠢ ᠡᠵᠡᠯᠡᠨ ᠬᠡᠷᠡᠭᠯᠡᠵᠦ ᠵᠠᠮ ᠬᠠᠷᠢᠯᠴᠠᠭᠠᠨ ᠤ ᠪᠤᠰᠤ ᠠᠵᠢᠯᠯᠠᠭ᠎ᠠ ᠬᠢᠵᠦ ᠪᠣᠯᠬᠤ ᠦᠭᠡᠢ᠃     ᠭᠤᠴᠢᠨ ᠬᠤᠶᠠᠳᠤᠭᠠᠷ ᠵᠦᠢᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ ᠵᠠᠮ ᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠵᠠᠮ ᠢ ᠳᠠᠪᠠᠵᠤ ᠬᠤᠭᠤᠯᠠᠢ ᠭᠤᠤᠷᠰᠤ ᠶᠢᠨ ᠲᠦᠬᠦᠭᠡᠷᠦᠮᠵᠢ ᠨᠡᠮᠡᠵᠦ ᠲᠣᠬᠢᠷᠠᠭᠤᠯᠬᠤ ᠳᠤ ᠤᠷᠢᠳᠠᠪᠠᠷ ᠵᠠᠮ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠦᠪᠰᠢᠶᠡᠷᠡᠯ ᠢ ᠣᠯᠬᠤ ᠬᠡᠷᠡᠭᠲᠡᠢ︔ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠳᠤ ᠬᠦᠷᠪᠡᠯ᠂ ᠪᠠᠰᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠬᠤ ᠬᠡᠷᠡᠭᠳᠡᠢ᠃     ᠪᠠᠷᠢᠯᠭ᠎ᠠ ᠶᠢᠨ ᠠᠵᠢᠯ ᠤᠨ ᠨᠢᠭᠡᠴᠢ ᠵᠦᠪᠰᠢᠶᠡᠷᠡᠭᠳᠡᠭᠰᠡᠨ ᠵᠠᠮ ᠤᠨ ᠭᠡᠰᠡᠭ ᠪᠠ ᠴᠠᠭ ᠤᠨ ᠲᠣᠳᠣᠷ᠎ᠠ ᠪᠠᠷᠢᠯᠭ᠎ᠠ ᠶᠢᠨ ᠠᠵᠢᠯ ᠬᠢᠭᠦ ᠶᠢᠨ ᠬᠠᠮᠳᠣ᠂ ᠠᠵᠢᠯᠯᠠᠬᠤ ᠭᠠᠵᠡᠷ ᠠᠴᠠ ᠲᠡᠷᠭᠡ ᠢᠷᠡᠭᠦ ᠴᠢᠭᠯᠡᠯ ᠳᠤ ᠠᠮᠣᠷ ᠲᠦᠪᠰᠢᠨ ᠤ ᠰᠡᠷᠡᠮᠵᠢᠯᠡᠬᠦᠯᠬᠦ ᠲᠡᠮᠳᠡᠭ ᠲᠠᠯᠪᠢᠵᠤ᠂ ᠰᠡᠷᠭᠡᠶᠢᠯᠡᠨ ᠬᠠᠮᠠᠭᠠᠯᠠᠬᠤ ᠠᠷᠭ᠎ᠠ ᠭᠡᠮᠵᠢᠶ᠎ᠠ ᠠᠪᠬᠤ ᠬᠡᠷᠡᠭᠳᠡᠢ︔ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠵᠠᠮ ᠳᠡᠭᠡᠷᠡᠬᠢ ᠬᠠᠷᠰᠢ ᠰᠠᠭᠠᠳ ᠢ ᠪᠤᠰᠢᠭᠤᠬᠠᠨ ᠠᠷᠢᠯᠭᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠵᠠᠮ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠰᠢᠯᠭᠠᠨ ᠬᠤᠷᠢᠶᠠᠯᠭᠠᠭᠠᠳ ᠬᠢᠷᠢ ᠲᠡᠩᠴᠡᠪᠡᠯ᠂ ᠵᠠᠮ ᠨᠡᠪᠲᠡᠷᠡᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ ᠰᠠᠶ᠋ᠢ ᠨᠡᠪᠲᠡᠷᠡᠬᠦ ᠵᠠᠮ ᠢ ᠰᠡᠷᠭᠦᠭᠡᠵᠦ ᠪᠣᠯᠤᠨ᠎ᠠ᠃     ᠵᠠᠮ ᠬᠠᠷᠢᠯᠴᠠᠭ᠎ᠠ ᠶᠢ ᠲᠠᠰᠤᠯᠳᠠᠭᠤᠯᠬᠤ ᠦᠭᠡᠶ ᠪᠠᠷᠢᠯᠭ᠎ᠠ ᠪᠠᠷᠢᠬᠤ ᠠᠵᠢᠯ ᠤᠨ ᠵᠠᠮ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃     ᠭᠤᠴᠢᠨ ᠭᠤᠷᠪᠠᠳᠣᠭᠠᠷ ᠵᠦᠢᠯ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠣᠯᠠᠨ ᠨᠡᠶᠢᠳᠡ ᠶᠢᠨ ᠪᠠᠷᠢᠯᠭ᠎ᠠ᠂ ᠬᠤᠳᠠᠯᠳᠣᠭᠠᠨ ᠤ ᠲᠣᠭᠤᠷᠢᠭ᠂ ᠣᠷᠣᠨ ᠰᠠᠭᠤᠴᠠ ᠶᠢᠨ ᠲᠣᠭᠤᠷᠢᠭ᠂ ᠲᠣᠮᠣ ︵ᠳᠤᠮᠳᠠ︶ ᠬᠡᠯᠪᠡᠷᠢ ᠶᠢᠨ ᠪᠠᠷᠢᠯᠭ᠎ᠠ ᠵᠡᠷᠭᠡ ᠳᠤ ᠲᠡᠷᠭᠡᠨ ᠵᠣᠭᠰᠣᠭᠠᠯ ᠢ ᠲᠦᠭᠦᠷᠵᠢᠭᠦᠯᠬᠦ ᠪᠠ ᠨᠡᠮᠡᠵᠦ ᠪᠠᠶᠢᠭᠤᠯᠬᠤ ᠬᠡᠷᠡᠭᠲᠡᠢ︔ ᠲᠡᠷᠭᠡ ᠵᠣᠭᠰᠣᠬᠤ ᠭᠠᠵᠠᠷ ᠨᠢ ᠬᠦᠷᠦᠯᠴᠡᠬᠦ ᠦᠭᠡᠢ ᠪᠠᠶᠢᠪᠠᠯ᠂ ᠴᠠᠭ ᠲᠤᠬᠠᠶ ᠳᠤ ᠨᠢ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠬᠡᠷᠡᠭᠲᠡᠶ︔ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠠᠶᠢᠭ᠎ᠠ ᠲᠡᠷᠭᠡᠨ ᠵᠣᠭᠰᠣᠭᠠᠯ ᠢ ᠬᠡᠷᠡᠭᠯᠡᠬᠦ ᠳᠤ᠂ ᠳᠤᠷ᠎ᠠ ᠪᠠᠷ ᠢᠶᠠᠨ ᠵᠣᠭᠰᠣᠭᠠᠬᠤ ᠪᠤᠶᠤ ᠥᠭᠡᠷᠡᠴᠢᠯᠡᠭᠡᠳ ᠪᠤᠰᠤᠳ ᠵᠦᠢᠯ ᠳᠤ ᠬᠡᠷᠡᠭᠯᠡᠵᠦ ᠪᠣᠯᠬᠤ ᠦᠭᠡᠶ᠃    ᠬᠤᠳᠠ ᠶᠢᠨ ᠵᠠᠮ ᠤᠨ ᠬᠡᠪᠴᠢᠶᠡᠨ ᠳᠣᠲᠣᠷ᠎ᠠ᠂ ᠶᠠᠪᠠᠭᠠᠨ ᠬᠥᠮᠦᠨ᠂ ᠲᠡᠷᠭᠡ ᠬᠥᠰᠬᠡ ᠶᠢᠨ ᠨᠡᠪᠲᠡᠷᠡᠬᠦ ᠶᠢ ᠨᠥᠯᠥᠭᠡᠯᠡᠬᠦ ᠦᠭᠡᠢ ᠪᠠᠶᠢᠳᠠᠯ ᠤᠨ ᠳᠣᠣᠷ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠡᠷᠭᠡ ᠵᠣᠭᠰᠣᠬᠤ ᠭᠠᠵᠠᠷ ᠢ ᠵᠠᠭᠠᠭᠯᠠᠨ ᠵᠢᠷᠤᠵᠤ ᠪᠣᠯᠤᠨ᠎ᠠ᠃     ᠭᠤᠴᠢᠨ ᠳᠥᠷᠪᠡᠳᠦᠭᠡᠷ ᠵᠦᠢᠯ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠤᠨ ᠡᠭᠦᠳᠡᠨ ᠡᠮᠦᠨᠡᠬᠢ ᠵᠠᠮ ᠳᠤ ᠶᠠᠪᠠᠭᠠᠨ ᠬᠥᠮᠦᠨ ᠤ ᠵᠡᠭᠡᠯᠢ ᠥᠩᠭᠡᠷᠡᠬᠦ ᠪᠡᠯᠡᠳᠬᠡᠮᠵᠢ ᠦᠭᠡᠶ ᠪᠣᠯ᠂ ᠬᠥᠮᠦᠨ ᠶᠠᠪᠤᠬᠤ ᠬᠥᠨᠳᠡᠯᠡᠨ ᠵᠠᠮ ᠤᠨ ᠱᠤᠭᠤᠮ ᠵᠢᠷᠤᠵᠤ ᠭᠠᠷᠭᠠᠵᠤ᠂ ᠰᠠᠨᠠᠭᠤᠯᠬᠤ ᠲᠡᠮᠳᠡᠭ ᠲᠠᠯᠪᠢᠬᠤ ᠬᠡᠷᠡᠭᠲᠡᠶ᠃    ᠬᠤᠳᠠ ᠶᠢᠨ ᠭᠤᠣᠯ ᠵᠠᠮ ᠤᠨ ᠶᠠᠪᠠᠭᠠᠨ ᠬᠥᠮᠦᠨ ᠤ ᠵᠠᠮ ᠳᠤ ᠲᠥᠯᠥᠪᠵᠢᠭᠦᠯᠭᠡ ᠶᠣᠰᠣᠭᠠᠷ ᠰᠣᠬᠤᠷ ᠬᠥᠮᠦᠨ ᠤ ᠵᠠᠮ ᠭᠠᠷᠭᠠᠬᠤ ᠬᠡᠷᠡᠭᠲᠡᠶ᠃ ᠰᠣᠬᠤᠷ ᠬᠥᠮᠦᠨ ᠤ ᠵᠠᠮ ᠭᠠᠷᠭᠠᠬᠤ ᠳᠤ ᠪᠠᠨ ᠤᠯᠤᠰ ᠤᠨ ᠪᠠᠷᠢᠮᠵᠢᠶ᠎ᠠ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ