ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠬᠤᠶᠠᠷ︶
ᠨᠡᠶᠢᠲᠡᠯᠡᠭᠰᠡᠨ ᠴᠠᠭ᠄
2024/4/25
     ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶           ᠬᠤᠶᠠᠳᠤᠭᠠᠷ ᠪᠦᠯᠦᠭ  ᠲᠡᠷᠭᠡ ᠪᠣᠯᠤᠨ ᠵᠢᠯᠣᠭᠤᠴᠢ       ᠨᠢᠭᠡᠳᠦᠭᠡᠷ ᠬᠡᠰᠡᠭ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ      ᠨᠠᠢᠮᠠᠳᠤᠭᠠᠷ ᠵᠦᠢᠯ ᠤᠯᠤᠰ ᠠᠴᠠ ᠮᠠᠰᠢᠨᠲᠤ ᠲᠡᠷᠭᠡᠨ ᠳᠤ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠮᠠᠰᠢᠨᠲᠤ ᠲᠡᠷᠭᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠭᠰᠠᠨ ᠤ ᠳᠡᠷᠠᠭ᠎ᠠ᠂ ᠰᠡᠶᠢ ᠵᠠᠮ ᠳᠡᠭᠡᠷ᠎ᠡ ᠭᠠᠷᠭᠠᠨ ᠶᠠᠪᠤᠭᠤᠯᠵᠤ ᠪᠣᠯᠤᠨ᠎ᠠ᠃ ᠳᠠᠩᠰᠠᠯᠠᠭᠤᠯᠤᠭᠠᠳᠤᠶ ᠮᠠᠰᠢᠨᠲᠤ ᠲᠡᠷᠭᠡ ᠶᠢ ᠵᠠᠮ ᠳᠡᠭᠡᠷ᠎ᠡ ᠲᠦᠷ ᠶᠠᠪᠤᠭᠤᠯᠬᠤ ᠴᠢᠬᠤᠯᠠ ᠲᠠᠢ ᠪᠣᠯ ᠲᠦᠷ ᠶᠠᠪᠤᠭᠤᠯᠬᠤ ᠫᠠᠶᠢᠰᠠ ᠦᠨᠡᠮᠯᠡᠯ ᠠᠪᠬᠤ ᠬᠡᠷᠡᠭᠲᠡᠶ᠃      ᠶᠢᠰᠦᠳᠦᠭᠡᠷ ᠵᠦᠢᠯ ᠮᠠᠰᠢᠨ ᠲᠡᠷᠭᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠳᠣᠣᠷᠠᠬᠢ ᠭᠡᠷᠡᠴᠢ ᠲᠡᠮᠳᠡᠭ᠂ ᠭᠡᠷᠡᠴᠢ ᠪᠠᠷᠢᠮᠲᠠ ᠶᠢ ᠲᠤᠰᠢᠶᠠᠬᠤ ᠬᠡᠷᠡᠭᠲᠡᠢ᠄      ︵ᠨᠢᠭᠡ︶ ᠮᠠᠰᠢᠨᠲᠤ ᠲᠡᠷᠭᠡ ᠥᠮᠴᠢᠯᠡᠭᠴᠢ ᠶᠢᠨ ᠪᠡᠶ᠎ᠡ ᠶᠢᠨ ᠦᠨᠡᠮᠯᠡᠯ︔      ︵ᠬᠤᠶᠠᠷ︶ ᠮᠠᠰᠢᠨᠲᠤ ᠲᠡᠷᠭᠡ ᠶᠢᠨ ᠢᠷᠡᠯᠳᠡ ᠶᠢᠨ ᠭᠡᠷᠡᠴᠢ︔      ︵ᠭᠤᠷᠪᠠ︶ ᠮᠠᠰᠢᠨᠲᠤ ᠲᠡᠷᠭᠡ ᠶᠢᠨ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ ᠭᠡᠷᠡᠴᠢ ᠪᠤᠶᠤ ᠭᠠᠳᠠᠭᠠᠳᠤ ᠠᠴᠠ ᠣᠷᠣᠭᠤᠯᠤᠭᠰᠠᠨ ᠮᠠᠰᠢᠨᠲᠤ ᠲᠡᠷᠭᠡ ᠶᠢᠨ ᠭᠠᠳᠠᠭᠠᠳᠤ ᠠᠴᠠ ᠣᠷᠣᠭᠤᠯᠤᠭᠰᠠᠨ ᠭᠡᠷᠡᠴᠢ ᠪᠠᠷᠢᠮᠲᠠ︔      ︵ᠲᠦᠷᠪᠡ︶ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠪᠤᠶᠤ ᠭᠠᠶᠢᠯᠢ ᠠᠴᠠ ᠬᠡᠯᠲᠦᠷᠢᠭᠦᠯᠬᠦ ᠭᠡᠷᠡᠴᠢ ᠪᠠᠷᠢᠮᠲᠠ︔      ︵ᠲᠠᠪᠤ︶ ᠮᠠᠰᠢᠨᠲᠤ ᠲᠡᠷᠭᠡ ᠳᠠᠩᠰᠠᠯᠠᠭᠤᠯᠬᠤ ᠦᠶ᠎ᠡ ᠳᠤ ᠲᠤᠰᠢᠶᠠᠬᠤ ᠬᠡᠷᠡᠭᠲᠡᠶ ᠭᠡᠵᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠭᠡᠷᠡᠴᠢ ᠦᠨᠡᠮᠯᠡᠯ᠂ ᠭᠡᠷᠡᠴᠢ ᠪᠠᠷᠢᠮᠲᠠ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠲᠠᠪᠤᠨ ᠠᠵᠢᠯ ᠤᠨ ᠡᠳᠦᠷ ᠤᠨ ᠳᠣᠲᠣᠷ᠎ᠠ ᠮᠠᠰᠢᠨᠲᠤ ᠲᠡᠷᠭᠡ ᠶᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠳᠠᠭᠤᠰᠬᠠᠬᠤ ᠬᠡᠷᠡᠭᠲᠡᠶ᠂ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ ᠪᠠ ᠠᠶᠠᠯᠠᠨ ᠶᠠᠪᠤᠬᠤ ᠦᠨᠡᠮᠯᠡᠯ ᠣᠯᠭᠤᠬᠤ ᠬᠡᠷᠡᠭᠲᠡᠶ︔ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠤᠢᠭᠡᠢ ᠪᠠᠶᠢᠪᠠᠯ᠂ ᠲᠡᠩᠰᠡᠯᠡᠵᠦ ᠥᠭᠬᠦ ᠤᠢᠭᠡᠢ ᠤᠴᠢᠷ ᠰᠢᠯᠲᠠᠭᠠᠨ ᠢᠶᠠᠨ ᠭᠤᠶᠤᠴᠢᠯᠠᠭᠴᠢ ᠳᠤ ᠲᠣᠳᠣᠷᠬᠠᠶᠢᠯᠠᠵᠤ ᠥᠭᠬᠦ ᠬᠡᠷᠡᠭᠲᠡᠶ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠤᠰᠤᠳ ᠶᠠᠮᠠᠷᠪᠠ ᠨᠢᠭᠡᠴᠢ ᠪᠤᠶᠤ ᠬᠤᠪᠢ ᠬᠥᠮᠦᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠣᠯᠭᠤᠬᠤ ᠪᠤᠶᠤ ᠮᠠᠰᠢᠨᠲᠤ ᠲᠡᠷᠭᠡᠨ ᠳᠤ ᠪᠤᠰᠤᠳ ᠨᠣᠮᠧᠷ ᠤᠨ ᠫᠠᠶᠢᠰᠠ ᠡᠯᠭᠦᠭᠦᠯᠬᠦ ᠪᠠᠷ ᠱᠠᠭᠠᠷᠳᠠᠵᠤ ᠪᠣᠯᠬᠤ ᠦᠭᠡᠢ᠂ ᠲᠤᠰ ᠬᠠᠤᠯᠢ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃     ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ ᠤᠨ ᠬᠡᠪ ᠵᠠᠭᠪᠤᠷ ᠢ ᠳᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ ᠬᠢᠨᠠᠨ ᠦᠢᠯᠡᠳᠦᠨ᠎ᠡ᠃     ᠠᠷᠪᠠᠳᠤᠭᠠᠷ ᠵᠦᠢᠯ ᠳᠠᠩᠰᠠᠯᠠᠭᠤᠯᠬᠤ ᠶᠢ ᠵᠥᠪᠰᠢᠶᠡᠷᠡᠭᠰᠡᠨ ᠮᠠᠰᠢᠨᠲᠤ ᠲᠡᠷᠭᠡ ᠨᠢ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠤᠬᠠᠶ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠮᠠᠰᠢᠨᠲᠤ ᠲᠡᠷᠭᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠪᠠᠨ ᠳᠤᠰ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠤᠬᠠᠶ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃ ᠭᠡᠪᠡᠴᠦ ᠤᠯᠤᠰ ᠤᠨ ᠮᠠᠰᠢᠨᠲᠤ ᠲᠡᠷᠭᠡ ᠶᠢᠨ ᠦᠢᠯᠡᠳᠬᠦᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠪᠠᠷᠢᠮᠵᠢᠶ᠎ᠠ ᠶᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠠᠰᠢᠨᠲᠤ ᠲᠡᠷᠭᠡ ᠶᠢᠨ ᠬᠡᠯᠪᠡᠷᠢ ᠮᠠᠶ᠋ᠢᠭ ᠪᠣᠯᠬᠤ ᠪᠥᠭᠡᠳ ᠳᠤᠰ ᠲᠡᠷᠭᠡᠨ ᠬᠡᠯᠪᠡᠷᠢ ᠶᠢᠨ ᠰᠢᠨ᠎ᠡ ᠲᠡᠷᠭᠡ ᠶᠢ ᠦᠢᠯᠡᠳᠪᠦᠷᠢ ᠠᠴᠠ ᠭᠠᠷᠭᠠᠬᠤ ᠦᠶ᠎ᠡ ᠳᠤ ᠰᠢᠯᠭᠠᠨ ᠪᠠᠶᠢᠴᠠᠭᠠᠭᠠᠳ ᠮᠠᠰᠢᠨᠲᠤ ᠲᠡᠷᠭᠡ ᠶᠢᠨ ᠲᠤᠬᠠᠶ ᠤᠯᠤᠰ ᠤᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠵᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠪᠠᠶᠢᠪᠠᠯ᠂ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠠᠴᠠ ᠬᠡᠯᠲᠦᠷᠢᠭᠦᠯᠦᠨ᠎ᠡ᠃     ᠠᠷᠪᠠᠨ ᠨᠢᠭᠡᠳᠦᠭᠡᠷ ᠵᠦᠢᠯ ᠮᠠᠰᠢᠨᠲᠤ ᠲᠡᠷᠭᠡ ᠵᠢᠯᠣᠭᠤᠳᠴᠤ ᠵᠠᠮ ᠳᠤ ᠭᠠᠷᠴᠤ ᠶᠠᠪᠤᠬᠤ ᠳᠤ ᠪᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠡᠯᠭᠦᠵᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠲᠠᠯᠪᠢᠬᠤ ᠬᠡᠷᠡᠭᠲᠡᠶ ᠪᠥᠭᠡᠳ ᠮᠠᠰᠢᠨᠲᠤ ᠲᠡᠷᠭᠡ ᠶᠢᠨ ᠠᠶᠠᠯᠠᠨ ᠶᠠᠪᠤᠬᠤ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ᠃     ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠶᠢ ᠲᠣᠭᠲᠠᠭᠠᠯ ᠶᠣᠰᠣᠭᠠᠷ ᠡᠯᠭᠦᠬᠦ ᠬᠡᠷᠡᠭᠲᠡᠶ ᠪᠥᠭᠡᠳ ᠲᠣᠳᠣᠷᠬᠠᠶ᠂ ᠪᠦᠷᠢᠨ ᠪᠦᠲᠦᠨ ᠪᠠᠶᠢᠯᠭᠠᠬᠤ ᠬᠡᠷᠡᠭᠲᠡᠶ᠂ ᠵᠣᠷᠢᠭᠤᠳᠠ ᠬᠠᠯᠬᠠᠯᠠᠵᠤ᠂ ᠭᠬᠢᠷᠲᠦᠭᠦᠯᠦᠨ ᠰᠦᠢᠳᠬᠡᠵᠦ ᠪᠣᠯᠬᠤ ᠦᠭᠡᠢ᠃     ᠶᠠᠮᠠᠷᠪᠠ ᠨᠢᠭᠡᠴᠢ ᠪᠠ ᠬᠤᠪᠢ ᠬᠥᠮᠦᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠶᠢ ᠬᠤᠷᠢᠶᠠᠨ ᠠᠪᠴᠤ᠂ ᠦᠯᠡᠳᠡᠭᠡᠨ ᠠᠪᠴᠤ ᠪᠣᠯᠬᠤ ᠦᠭᠡᠢ᠃     ᠠᠷᠪᠠᠨ ᠬᠤᠶᠠᠳᠤᠭᠠᠷ ᠵᠦᠢᠯ ᠲᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠣᠬᠢᠴᠠᠩᠭᠤᠶ ᠲᠠᠩᠰᠠᠯᠠᠯᠳᠠ ᠬᠢᠯᠭᠡᠬᠦ ᠬᠡᠷᠡᠭᠲᠡᠶ᠄     ︵ᠨᠢᠭᠡ︶ ᠮᠠᠰᠢᠨᠲᠤ ᠲᠡᠷᠭᠡ ᠶᠢᠨ ᠥᠮᠴᠢᠯᠡᠬᠦ ᠡᠷᠬᠡ ᠰᠢᠯᠵᠢᠭᠰᠡᠨ ;     ︵ᠬᠤᠶᠠᠷ︶ ᠮᠠᠰᠢᠨᠲᠤ ᠲᠡᠷᠭᠡ ᠶᠢᠨ ᠳᠠᠩᠰᠠᠯᠠᠭᠤᠯᠤᠭᠰᠠᠨ ᠠᠭᠤᠯᠭ᠎ᠠ ᠳᠤ ᠬᠤᠪᠢᠷᠠᠯᠲᠠ ᠭᠠᠷᠤᠭᠰᠠᠨ︔     ︵ᠭᠤᠷᠪᠠ︶ ᠮᠠᠰᠢᠨᠲᠤ ᠲᠡᠷᠭᠡ ᠶᠢ ᠪᠠᠷᠢᠴᠠᠭᠠᠯᠠᠬᠤ ᠳᠤ ᠬᠡᠷᠡᠭᠯᠡᠭᠰᠡᠨ︔     ︵ᠳᠦᠷᠪᠡ︶ ᠮᠠᠰᠢᠨᠲᠤ ᠲᠡᠷᠭᠡ ᠬᠡᠷᠡᠭᠴᠡᠭᠡ ᠠᠴᠠ ᠭᠠᠷᠤᠭᠰᠠᠨ᠃     ᠠᠷᠪᠠᠨ ᠭᠤᠷᠪᠠᠳᠤᠭᠠᠷ ᠵᠦᠢᠯ ᠳᠠᠩᠰᠠᠯᠠᠭᠤᠯᠤᠭᠰᠠᠨ ᠤ ᠳᠠᠷᠠᠭ᠎ᠠ ᠵᠠᠮ ᠳᠤ ᠭᠠᠷᠴᠤ ᠶᠠᠪᠤᠬᠤ ᠮᠠᠰᠢᠨᠲᠤ ᠲᠡᠷᠭᠡ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠡᠷᠭᠡ ᠬᠥᠰᠬᠡ ᠶᠢᠨ ᠬᠡᠷᠡᠭᠴᠡᠭᠡ᠂ ᠠᠶᠠᠨᠴᠢᠳ ᠪᠠ ᠪᠠᠷᠠᠭ᠎ᠠ ᠠᠴᠢᠶᠠᠯᠠᠬᠤ ᠲᠤᠭ᠎ᠠ ᠬᠡᠮᠵᠢᠶ᠎ᠡ᠂ ᠬᠡᠷᠡᠭᠯᠡᠬᠦ ᠵᠢᠯ ᠬᠤᠭᠤᠴᠠᠭ᠎ᠠ ᠵᠡᠷᠭᠡ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠠᠶᠤᠯ ᠦᠭᠡᠶ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠲᠡᠶ᠃ ᠮᠠᠰᠢᠨᠲᠤ ᠲᠡᠷᠭᠡ ᠶᠠᠪᠤᠭᠤᠯᠬᠤ ᠦᠨᠡᠮᠯᠡᠯ ᠪᠠ ᠮᠠᠰᠢᠨᠲᠤ ᠲᠡᠷᠭᠡᠨ ᠤ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠬᠠᠭᠤᠳᠠᠰᠤ ᠬᠠᠩᠭᠠᠬᠤ ᠳᠤ᠂ ᠮᠠᠰᠢᠨᠲᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠰᠢᠯᠭᠠᠨ ᠪᠠᠶᠢᠴᠠᠭᠠᠬᠤ ᠬᠡᠷᠡᠭᠲᠡᠶ᠂ ᠶᠠᠮᠠᠷᠪᠠ ᠨᠢᠭᠡᠴᠢ ᠭᠡᠳ ᠪᠤᠰᠤᠳ ᠨᠥᠬᠦᠴᠡᠯ ᠢ ᠳᠠᠭᠠᠯᠳᠤᠭᠤᠯᠵᠤ ᠪᠣᠯᠬᠤ ᠦᠭᠡᠶ᠃ ᠮᠠᠰᠢᠨᠲᠤ ᠲᠡᠷᠭᠡᠨ ᠤ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠳᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠯᠭᠠᠨ ᠪᠠᠶᠢᠴᠠᠭᠠᠵᠤ ᠬᠢᠷᠢ ᠲᠡᠩᠴᠡᠭᠰᠡᠨ ᠲᠡᠮᠳᠡᠭ ᠣᠯᠭᠤᠬᠤ ᠬᠡᠷᠡᠭᠲᠡᠶ᠃     ᠮᠠᠰᠢᠨᠲᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠨᠡᠶᠢᠭᠡᠮᠴᠢᠯᠡᠯᠲᠡ ᠶᠢ ᠬᠡᠷᠡᠭᠵᠢᠭᠦᠯᠦᠨ᠎ᠡ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃     ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠤᠬᠠᠶ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠨᠡᠶᠢᠭᠡᠮᠴᠢᠯᠡᠭᠰᠡᠨ ᠭᠠᠵᠠᠷ ᠣᠷᠣᠨ ᠳᠤ ᠶᠠᠮᠠᠷᠪᠠ ᠨᠢᠭᠡᠴᠢ ᠭᠡᠳ ᠮᠠᠰᠢᠨᠲᠤ ᠲᠡᠷᠭᠡ ᠶᠢ ᠵᠢᠭᠠᠨ ᠲᠣᠭᠲᠠᠭᠠᠭᠰᠠᠨ ᠭᠠᠵᠠᠷ ᠲᠤ ᠣᠴᠢᠭᠤᠯᠵᠤ ᠰᠢᠯᠭᠠᠨ ᠪᠠᠶᠢᠴᠠᠭᠠᠯᠭᠠᠬᠤ ᠪᠠᠷ ᠱᠠᠭᠠᠷᠳᠠᠵᠤ ᠪᠣᠯᠬᠤ ᠦᠬᠡᠢ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠠᠰᠢᠨᠲᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠮᠠᠰᠢᠨᠲᠤ ᠲᠡᠷᠭᠡ ᠶᠢ ᠵᠢᠭᠠᠨ ᠲᠣᠭᠲᠠᠭᠠᠭᠰᠠᠨ ᠭᠠᠵᠠᠷ ᠲᠤ ᠣᠴᠢᠵᠤ ᠰᠡᠯᠪᠢᠨ ᠵᠠᠰᠠᠭᠤᠯᠬᠤ᠂ ᠠᠷᠠᠴᠢᠯᠠᠭᠤᠯᠬᠤ ᠪᠠᠷ ᠱᠠᠭᠠᠷᠳᠠᠵᠤ ᠪᠣᠯᠬᠤ ᠦᠭᠡᠶ᠃    ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠪᠠᠶᠢᠭᠤᠯᠤᠮᠵᠢ ᠮᠠᠰᠢᠨᠲᠤ ᠲᠡᠷᠭᠡ ᠰᠢᠯᠭᠠᠨ ᠪᠠᠶᠢᠴᠠᠭᠠᠬᠤ ᠳᠤ ᠰᠦᠢᠳᠬᠡᠯ ᠬᠤᠷᠢᠶᠠᠬᠤ ᠳᠤ ᠪᠠᠨ ᠳᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠠᠷᠪᠠᠨ ᠳᠥᠷᠪᠡᠳᠦᠭᠡᠷ ᠵᠦᠢᠯ ᠤᠯᠤᠰ ᠠᠴᠠ ᠮᠠᠰᠢᠨᠲᠤ ᠲᠡᠷᠭᠡ ᠶᠢ ᠠᠯᠪᠠᠳᠠᠯᠭ᠎ᠠ ᠪᠠᠷ ᠬᠡᠷᠡᠭᠴᠡᠭᠡ ᠠᠴᠠ ᠭᠠᠷᠭᠠᠬᠤ ᠳᠦᠷᠢᠮ ᠢ ᠬᠡᠷᠡᠭᠵᠢᠭᠦᠯᠵᠦ᠂ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠤᠬᠠᠶ ᠮᠡᠷᠭᠡᠵᠢᠯ ᠤᠨ ᠪᠠᠶᠢᠳᠠᠯ ᠪᠣᠯᠤᠨ ᠠᠳᠠᠯᠢ ᠪᠤᠰᠤ ᠬᠡᠷᠡᠭᠴᠡᠭᠡ ᠶᠢ ᠦᠨᠳᠦᠰᠦᠯᠡᠨ᠂ ᠬᠡᠷᠡᠭᠴᠡᠭᠡ ᠠᠴᠠ ᠭᠠᠷᠭᠠᠬᠤ ᠠᠳᠠᠯᠢ ᠪᠤᠰᠤ ᠪᠠᠷᠢᠮᠵᠢᠶ᠎ᠠ ᠶᠢ ᠳᠤᠭᠳᠠᠭᠠᠬᠤ ᠬᠡᠷᠡᠭᠳᠡᠢ᠃     ᠬᠡᠷᠡᠭᠴᠡᠭᠡ ᠠᠴᠠ ᠭᠠᠷᠭᠠᠬᠤ ᠶᠣᠰᠣᠲᠠᠶ ᠮᠠᠰᠢᠨᠲᠤ ᠲᠡᠷᠭᠡ ᠶᠢ ᠡᠷᠬᠡᠪᠰᠢ ᠴᠠᠭ ᠲᠤᠬᠠᠶ ᠳᠤ ᠨᠢ ᠳᠠᠩᠰᠠᠨ ᠠᠴᠠ ᠬᠠᠰᠤᠬᠤ ᠲᠠᠩᠰᠠᠯᠠᠯᠳᠠ ᠬᠢᠯᠭᠡᠬᠦ ᠬᠡᠷᠡᠭᠲᠡᠶ᠃     ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠮᠠᠰᠢᠨᠲᠤ ᠲᠡᠷᠭᠡ ᠶᠢ ᠵᠠᠮ ᠳᠡᠭᠡᠷ᠎ᠡ ᠭᠠᠷᠭᠠᠨ ᠶᠠᠪᠤᠭᠤᠯᠵᠤ ᠪᠣᠯᠬᠤ ᠦᠭᠡᠶ᠃ ᠬᠡᠷᠡᠭᠴᠡᠭᠡ ᠠᠴᠠ ᠭᠠᠷᠤᠭᠰᠠᠨ ᠠᠶᠠᠨᠴᠢᠳ᠂ ᠪᠠᠷᠠᠭᠠᠨ ᠤ ᠲᠣᠮᠣ ᠬᠡᠯᠪᠡᠷᠢ ᠶᠢᠨ ᠲᠡᠷᠭᠡ ᠵᠢᠴᠢ ᠲᠡᠭᠡᠭᠡᠪᠦᠷᠢ ᠡᠵᠡᠩᠨᠡᠵᠦ ᠪᠠᠶᠢᠭ᠎ᠠ ᠪᠤᠰᠤᠳ ᠲᠡᠷᠭᠡ ᠬᠥᠰᠬᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠳᠣᠤᠷ᠎ᠠ ᠰᠦᠢᠷᠡᠭᠦᠯᠵᠦ ᠵᠠᠳᠠᠯᠤᠭᠰᠠᠨ ᠪᠠᠶᠢᠬᠤ ᠬᠡᠷᠡᠭᠲᠡᠶ᠃     ᠠᠷᠪᠠᠨ ᠲᠠᠪᠤᠳᠤᠭᠠᠷ ᠵᠦᠢᠯ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠲᠣᠭᠲᠠᠭᠠᠯ ᠶᠣᠰᠣᠭᠠᠷ ᠲᠡᠮᠳᠡᠭ ᠵᠢᠷᠤᠭ ᠰᠦᠷᠴᠢᠵᠦ᠂ ᠰᠡᠷᠡᠮᠵᠢ ᠶᠢᠨ ᠳᠣᠬᠢᠶᠠᠨ ᠤ ᠮᠠᠰᠢᠨ᠂ ᠲᠡᠮᠳᠡᠭ ᠳ᠋ᠧᠩ ᠢ ᠤᠭᠰᠠᠷᠠᠬᠤ ᠬᠡᠷᠡᠭᠲᠡᠶ᠃ ᠪᠤᠰᠤᠳ ᠮᠠᠰᠢᠨᠲᠤ ᠲᠡᠷᠭᠡ ᠳᠡᠭᠡᠷ᠎ᠡ ᠳᠤᠷᠠᠳᠤᠭᠰᠠᠨ ᠲᠡᠷᠭᠡ ᠬᠥᠰᠬᠡ ᠶᠢᠨ ᠲᠤᠰᠬᠠᠶ ᠬᠡᠷᠡᠭᠯᠡᠬᠦ ᠪᠤᠶᠤ ᠲᠡᠭᠦᠨ ᠯᠦᠭᠡ ᠠᠳᠠᠯᠢᠪᠲᠤᠷ ᠲᠡᠮᠳᠡᠭ ᠵᠢᠷᠤᠭ᠂ ᠰᠡᠷᠡᠮᠵᠢ ᠶᠢᠨ ᠳᠣᠬᠢᠶᠠᠨ ᠬᠡᠷᠡᠭᠰᠡᠯ ᠪᠤᠶᠤ ᠲᠡᠮᠳᠡᠭ ᠳ᠋ᠧᠩ ᠢ ᠰᠦᠷᠴᠢᠨ ᠰᠢᠷᠳᠡᠵᠦ᠂ ᠤᠭᠰᠠᠷᠠᠵᠤ ᠬᠡᠷᠡᠭᠯᠡᠵᠦ ᠪᠣᠯᠬᠤ ᠦᠭᠡᠶ᠃     ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠶᠢ ᠲᠣᠭᠲᠠᠭᠰᠠᠨ ᠬᠡᠷᠡᠭᠴᠡᠭᠡ ᠪᠣᠯᠤᠨ ᠨᠥᠬᠦᠴᠡᠯ ᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠶ᠃     ᠵᠠᠰᠠᠮᠠᠯ ᠵᠡᠮ ᠤᠨ ᠬᠢᠨᠠᠯᠲᠠ ᠪᠠᠶᠢᠴᠠᠭᠠᠯᠲᠠ ᠶᠢᠨ ᠲᠤᠰᠬᠠᠶ ᠲᠡᠷᠭᠡ ᠤᠨᠤᠭ᠎ᠠ ᠳᠤ ᠵᠠᠰᠠᠮᠠᠯ ᠵᠡᠮ ᠤᠨ ᠬᠠᠤᠯᠢ ᠶᠢᠨ ᠲᠣᠭᠲᠠᠭᠠᠯ ᠶᠣᠰᠣᠭᠠᠷ ᠨᠢᠭᠡᠳᠦᠯᠲᠡᠶ ᠲᠡᠮᠳᠡᠭ ᠪᠠ ᠰᠡᠷᠡᠮᠵᠢ ᠶᠢᠨ ᠳ᠋ᠧᠩ ᠲᠠᠭᠠᠷᠠᠭᠤᠯᠬᠤ ᠬᠡᠷᠡᠭᠲᠡᠶ᠃    ᠠᠷᠪᠠᠨ ᠵᠢᠷᠭᠤᠳᠤᠭᠠᠷ ᠵᠦᠢᠯ  ᠶᠠᠮᠠᠷᠪᠠ ᠨᠢᠭᠡᠴᠢ ᠪᠤᠶᠤ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄    ︵ᠨᠢᠭᠡ︶ ᠮᠠᠰᠢᠨᠲᠤ ᠲᠡᠷᠭᠡ ᠶᠢ ᠨᠡᠶᠢᠯᠡᠭᠦᠯᠵᠦ ᠤᠭᠰᠠᠷᠠᠬᠤ ᠪᠤᠶᠤ ᠮᠠᠰᠢᠨᠲᠤ ᠲᠡᠷᠭᠡ ᠶᠢᠨ ᠨᠢᠭᠡᠨᠲᠡ ᠳᠠᠩᠰᠠᠯᠠᠭᠤᠯᠤᠭᠰᠠᠨ ᠪᠦᠲᠦᠴᠡ᠂ ᠪᠦᠷᠢᠯᠳᠦᠭᠦᠨ ᠪᠤᠶᠤ ᠣᠨᠴᠠᠯᠢᠭ ᠰᠢᠨᠵᠢ ᠶᠢ ᠳᠤᠷ᠎ᠠ ᠪᠠᠷ ᠢᠶᠠᠨ ᠬᠤᠪᠢᠷᠠᠭᠤᠯᠬᠤ︔    ︵ᠬᠤᠶᠠᠷ︶ ᠮᠠᠰᠢᠨᠲᠤ ᠲᠡᠷᠭᠡᠨ ᠤ ᠬᠡᠯᠪᠡᠷᠢ ᠮᠠᠶ᠋ᠢᠭ᠂ ᠬᠥᠳᠡᠯᠭᠡᠭᠦᠷ ᠤᠨ ᠨᠣᠮᠧᠷ᠂ ᠲᠡᠷᠭᠡᠨ ᠵᠢᠶᠠᠰᠠ ᠶᠢᠨ ᠨᠣᠮᠧᠷ ᠪᠤᠶᠤ ᠲᠡᠷᠭᠡ ᠶᠢ ᠢᠯᠭᠠᠨ ᠲᠠᠨᠢᠬᠤ ᠣᠷᠣᠯᠠᠬᠤ ᠨᠣᠮᠧᠷ ᠢ ᠬᠤᠪᠢᠷᠠᠭᠤᠯᠬᠤ︔    ︵ᠭᠤᠷᠪᠠ︶ ᠮᠠᠰᠢᠨ ᠲᠡᠷᠭᠡᠨ ᠤ ᠳᠠᠩᠰᠠᠯᠠᠭᠤᠯᠤᠭᠰᠠᠨ ᠦᠨᠡᠮᠯᠡᠯ᠂ ᠨᠤᠮᠧᠷᠲᠦ ᠫᠠᠶᠢᠰᠠ᠂ ᠵᠠᠮ ᠳᠤ ᠭᠠᠷᠬᠤ ᠦᠨᠡᠮᠯᠡᠯ᠂ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠯᠲᠡ ᠶᠢᠨ ᠲᠡᠮᠳᠡᠭ᠂ ᠳᠠᠭᠠᠳᠬᠠᠯ ᠤᠨ ᠲᠡᠮᠳᠡᠭ ᠢ ᠬᠠᠭᠤᠷᠮᠠᠭ ᠢᠶᠠᠷ ᠵᠣᠬᠢᠶᠠᠬᠤ ᠪᠤᠶᠤ ᠬᠤᠪᠢᠷᠠᠭᠤᠯᠤᠨ ᠦᠢᠯᠡᠳᠴᠦ ᠬᠡᠷᠡᠭᠯᠡᠬᠦ︔    ︵ᠳᠦᠷᠪᠡ︶ ᠪᠤᠰᠤᠳ ᠮᠠᠰᠢᠨᠲᠤ ᠲᠡᠷᠭᠡ ᠶᠢᠨ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ ᠤᠨ ᠫᠠᠶᠢᠰᠠ᠂ ᠠᠶᠠᠯᠠᠨ ᠶᠠᠪᠤᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭᠠᠳᠬᠠᠯ ᠤᠨ ᠢᠯᠡᠳᠬᠡᠮᠵᠢ ᠳᠡᠮᠳᠡᠭ ᠢ ᠬᠡᠷᠡᠭᠯᠡᠬᠦ᠃     ᠠᠷᠪᠠᠨ ᠳᠣᠯᠣᠳᠤᠭᠠᠷ ᠵᠦᠢᠯ ᠤᠯᠤᠰ ᠠᠴᠠ ᠮᠠᠰᠢᠨᠲᠤ ᠲᠡᠷᠭᠡᠨ ᠤ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢ ᠪᠠᠶᠢᠭᠤᠯᠤᠨ᠎ᠠ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃    ᠠᠷᠪᠠᠨ ᠨᠠᠢᠮᠠᠳᠤᠭᠠᠷ ᠵᠦᠢᠯ ᠬᠠᠤᠯᠢ ᠶᠣᠰᠣᠭᠠᠷ ᠳᠠᠩᠰᠠᠯᠠᠭᠤᠯᠬᠤ ᠶᠣᠰᠣᠲᠠᠶ ᠮᠠᠰᠢᠨᠲᠤ ᠪᠤᠰᠤ ᠲᠡᠷᠭᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠵᠠᠮ ᠳᠤ ᠭᠠᠷᠭᠠᠨ ᠶᠠᠪᠤᠭᠤᠯᠵᠤ ᠪᠣᠯᠤᠨ᠎ᠠ᠃    ᠬᠠᠤᠯᠢ ᠶᠣᠰᠣᠭᠠᠷ ᠳᠠᠩᠰᠠᠯᠠᠭᠤᠯᠬᠤ ᠶᠣᠰᠣᠲᠠᠶ ᠮᠠᠰᠢᠨᠲᠤ ᠪᠤᠰᠤ ᠲᠡᠷᠭᠡ ᠶᠢᠨ ᠳᠦᠷᠦᠯ ᠵᠦᠢᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ ᠲᠣᠭᠲᠠᠭᠠᠨ᠎ᠠ᠃    ᠮᠠᠰᠢᠨᠲᠤ ᠪᠤᠰᠤ ᠲᠡᠷᠭᠡ ᠶᠢᠨ ᠭᠠᠳᠠᠷ ᠬᠡᠯᠪᠡᠷᠢ ᠶᠢᠨ ᠬᠡᠮ ᠬᠡᠮᠵᠢᠶ᠎ᠡ᠂ ᠶᠠᠰᠤ ᠴᠢᠨᠠᠷ᠂ ᠲᠤᠷᠮᠤᠰᠯᠠᠭᠤᠷ᠂ ᠲᠡᠷᠭᠡᠨ ᠬᠤᠨᠭ᠍ᠬᠤ ᠪᠠ ᠰᠥᠨᠢ ᠪᠠᠷ ᠭᠡᠷᠡᠯ ᠣᠶᠢᠯᠭᠠᠬᠤ ᠲᠣᠨᠣᠭᠯᠠᠯ ᠨᠢ ᠮᠠᠰᠢᠨᠲᠤ ᠪᠤᠰᠤ ᠲᠡᠷᠭᠡ ᠶᠢᠨ ᠠᠮᠤᠷ ᠲᠦᠪᠰᠢᠨ ᠤ ᠲᠤᠬᠠᠶ ᠲᠧᠭᠨᠢᠭ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃     ᠬᠤᠶᠠᠳᠤᠭᠠᠷ ᠬᠡᠰᠡᠭ ᠮᠠᠰᠢᠨᠲᠤ ᠲᠡᠷᠭᠡᠨ ᠤ ᠵᠢᠯᠣᠭᠤᠴᠢ     ᠠᠷᠪᠠ ᠶᠢᠰᠦᠳᠦᠭᠡᠷ ᠵᠦᠢᠯ  ᠮᠠᠰᠢᠨᠲᠤ ᠲᠡᠷᠭᠡ ᠵᠢᠯᠣᠭᠤᠳᠬᠤ ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠬᠠᠤᠯᠢ ᠶᠣᠰᠣᠭᠠᠷ ᠣᠯᠤᠭᠰᠠᠨ ᠪᠠᠶᠢᠬᠤ ᠬᠡᠷᠡᠭᠲᠡᠶ᠃    ᠮᠠᠰᠢᠨᠲᠤ ᠲᠡᠷᠭᠡ ᠵᠢᠯᠣᠭᠤᠳᠬᠤ ᠦᠨᠡᠮᠯᠡᠯ ᠭᠤᠶᠤᠴᠢᠯᠠᠬᠤ ᠳᠤ ᠳᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠢᠯᠣᠭᠤᠳᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ︔ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠴᠠᠩᠭᠤᠶ ᠳᠦᠷᠦᠯ ᠢᠯᠭᠠᠯ ᠤᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠨ᠎ᠠ᠃    ᠬᠢᠯᠢ ᠶᠢᠨ ᠭᠠᠳᠠᠨᠠᠬᠢ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠲᠠᠢ ᠬᠥᠮᠦᠨ ᠳᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠢᠯᠣᠭᠤᠳᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠳᠤᠮᠳᠠᠳᠤ ᠤᠯᠤᠰ ᠤᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠵᠤ ᠪᠣᠯᠤᠨ᠎ᠠ᠃    ᠵᠢᠯᠣᠭᠤᠴᠢ ᠠᠴᠠ ᠵᠢᠯᠣᠭᠤᠴᠢ ᠶᠢᠨ ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠵᠢᠯᠣᠭᠤᠳᠴᠤ ᠪᠣᠯᠬᠤ ᠲᠡᠷᠭᠡ ᠶᠢᠨ ᠬᠡᠯᠪᠡᠷᠢ ᠪᠠᠷ ᠮᠠᠰᠢᠨᠲᠤ ᠲᠡᠷᠭᠡ ᠶᠢ ᠵᠢᠯᠣᠭᠤᠳᠬᠤ ᠬᠡᠷᠡᠭᠲᠡᠶ︔ ᠮᠠᠰᠢᠨᠲᠤ ᠲᠡᠷᠭᠡ ᠵᠢᠯᠣᠭᠤᠳᠬᠤ ᠳᠤ ᠪᠠᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢᠶᠠᠨ ᠪᠡᠶ᠎ᠡ ᠳᠤ ᠪᠠᠨ ᠠᠪᠴᠤ ᠶᠠᠪᠤᠬᠤ ᠬᠡᠷᠡᠭᠲᠡᠶ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠤᠰᠤᠳ ᠶᠠᠮᠠᠷᠪᠠ ᠨᠢᠭᠡᠴᠢ ᠪᠤᠶᠤ ᠬᠤᠪᠢ ᠬᠥᠮᠦᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠬᠤᠷᠢᠶᠠᠨ ᠠᠪᠴᠤ᠂ ᠦᠯᠡᠳᠡᠭᠡᠨ ᠠᠪᠴᠤ ᠪᠣᠯᠬᠤ ᠦᠬᠡᠢ᠃    ᠬᠤᠷᠢᠳᠤᠭᠠᠷ ᠵᠦᠢᠯ ᠮᠠᠰᠢᠨᠲᠤ ᠲᠡᠷᠭᠡ ᠵᠢᠯᠣᠭᠤᠳᠬᠤ ᠪᠣᠯᠪᠠᠰᠤᠷᠠᠯ ᠢ ᠨᠡᠶᠢᠭᠡᠮᠴᠢᠯᠡᠵᠦ᠂ ᠵᠠᠮ ᠬᠠᠷᠢᠯᠴᠠᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠢᠯᠣᠭᠤᠴᠢ ᠶᠢᠨ ᠪᠣᠯᠪᠠᠰᠤᠷᠠᠯ ᠤᠨ ᠰᠤᠷᠭᠠᠭᠤᠯᠢ᠂ ᠵᠢᠯᠣᠭᠤᠴᠢ ᠶᠢᠨ ᠪᠣᠯᠪᠠᠰᠤᠷᠠᠯ ᠤᠨ ᠠᠩᠬᠢ ᠳᠤ ᠬᠢᠷᠢ ᠬᠡᠮ ᠤᠨ ᠬᠠᠮᠢᠶᠠᠷᠤᠯᠲᠠ ᠶᠠᠪᠤᠭᠤᠯᠤᠨ᠎ᠠ᠂ ᠡᠭᠦᠨ ᠳᠤ ᠲᠷᠠᠺᠲ᠋ᠣᠷ ᠤᠨ ᠵᠢᠯᠣᠭᠤᠴᠢ ᠶᠢᠨ ᠪᠣᠯᠪᠠᠰᠤᠷᠠᠯ ᠤᠨ ᠲᠤᠰᠬᠠᠶ ᠰᠤᠷᠭᠠᠭᠤᠯᠢ᠂ ᠵᠢᠯᠣᠭᠤᠴᠢ ᠶᠢᠨ ᠪᠣᠯᠪᠠᠰᠤᠷᠠᠯ ᠤᠨ ᠲᠤᠰᠬᠠᠶ ᠠᠩᠬᠢ ᠳᠤ ᠲᠠᠷᠢᠶᠠᠯᠠᠩ ︵ᠲᠠᠷᠢᠶᠠᠯᠠᠩ ᠤᠨ ᠮᠧᠬᠠᠨᠢᠭ︶ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠷᠢ ᠬᠡᠮ ᠤᠨ ᠬᠠᠮᠢᠶᠠᠷᠤᠯᠲᠠ ᠶᠠᠪᠤᠭᠤᠯᠤᠨ᠎ᠠ᠃    ᠵᠢᠯᠣᠭᠤᠴᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ᠂ ᠵᠢᠯᠣᠭᠤᠴᠢ ᠶᠢᠨ ᠪᠣᠯᠪᠠᠰᠤᠷᠠᠭᠤᠯᠤᠯ ᠤᠨ ᠠᠩᠬᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ᠂ ᠵᠢᠯᠣᠭᠤᠳᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠪᠣᠯᠪᠠᠰᠤᠷᠠᠭᠤᠯᠤᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃    ᠶᠠᠮᠠᠷᠪᠠ ᠲᠦᠷᠦ ᠶᠢᠨ ᠪᠠᠶᠢᠭᠤᠯᠭ᠎ᠠ ᠵᠢᠴᠢ ᠵᠢᠯᠣᠭᠤᠴᠢ ᠶᠢᠨ ᠪᠣᠯᠪᠠᠰᠤᠷᠠᠯ ᠪᠠ ᠰᠢᠯᠭᠠᠯᠲᠠ ᠶᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠢᠯᠣᠭᠤᠴᠢ ᠶᠢᠨ ᠪᠣᠯᠪᠠᠰᠤᠷᠠᠯ ᠤᠨ ᠰᠤᠷᠭᠠᠭᠤᠯᠢ᠂ ᠵᠢᠯᠣᠭᠤᠴᠢ ᠶᠢᠨ ᠪᠣᠯᠪᠠᠰᠤᠷᠠᠯ ᠤᠨ ᠠᠩᠬᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠤᠢᠭᠡᠢ᠃     ᠬᠤᠷᠢᠨ ᠨᠢᠭᠡᠳᠦᠭᠡᠷ ᠵᠦᠢᠯ ᠵᠢᠯᠣᠭᠤᠴᠢ ᠮᠠᠰᠢᠨᠲᠤ ᠲᠡᠷᠭᠡ ᠵᠢᠯᠣᠭᠤᠳᠴᠤ ᠵᠠᠮ ᠳᠤ ᠭᠠᠷᠴᠤ ᠶᠠᠪᠤᠬᠤ ᠠᠴᠠ ᠪᠠᠨ ᠡᠮᠦᠨ᠎ᠡ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠤᠬᠠᠶ ᠮᠡᠷᠭᠡᠵᠢᠯ ᠤᠨ ᠰᠢᠨᠵᠢ ᠴᠢᠳᠠᠪᠤᠷᠢ ᠶᠢ ᠬᠢᠨᠠᠮᠠᠭᠠᠶ ᠪᠠᠶᠢᠴᠠᠭᠠᠬᠤ ᠬᠡᠷᠡᠭᠲᠡᠶ︔ ᠠᠮᠤᠷ ᠲᠦᠪᠰᠢᠨ ᠤ ᠲᠥᠬᠦᠭᠡᠷᠦᠮᠵᠢ ᠨᠢ ᠪᠦᠷᠢᠨ ᠪᠤᠰᠤ ᠪᠤᠶᠤ ᠮᠠᠰᠢᠨ ᠲᠤᠨᠤᠭ ᠨᠢ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠵᠡᠷᠭᠡ ᠠᠮᠤᠷ ᠲᠦᠪᠰᠢᠨ ᠤ ᠳᠠᠯᠳᠠ ᠭᠡᠮ ᠲᠠᠢ ᠮᠠᠰᠢᠨᠲᠤ ᠲᠡᠷᠭᠡ ᠶᠢ ᠵᠢᠯᠣᠭᠤᠳᠴᠤ ᠪᠣᠯᠬᠤ ᠦᠭᠡᠢ᠃     ᠬᠤᠷᠢᠨ ᠬᠤᠶᠠᠳᠤᠭᠠᠷ ᠵᠦᠢᠯ ᠮᠠᠰᠢᠨᠲᠤ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ᠂ ᠠᠵᠢᠯᠯᠠᠬᠤ ᠵᠢᠷᠤᠮᠵᠢᠯ ᠶᠣᠰᠣᠭᠠᠷ ᠠᠶᠤᠯᠭᠦᠶ ᠪᠠᠷ ᠵᠢᠯᠣᠭᠤᠳᠴᠤ᠂ ᠪᠣᠯᠪᠠᠰᠤᠨ ᠢᠶᠠᠷ ᠵᠢᠯᠣᠭᠤᠳᠬᠤ ᠬᠡᠷᠡᠭᠲᠡᠶ᠃     ᠠᠷᠢᠬᠢ ᠤᠤᠭᠤᠭᠰᠠᠨ᠂ ᠤᠯᠤᠰ ᠠᠴᠠ ᠵᠠᠬᠢᠷᠤᠨ ᠬᠠᠮᠢᠶᠠᠷᠴᠤ ᠪᠠᠶᠢᠭ᠎ᠠ ᠮᠡᠳᠡᠷᠡᠯ ᠤᠨ ᠡᠮ ᠪᠤᠶᠤ ᠮᠢᠨᠴᠦᠷᠡᠭᠦᠯᠬᠦ ᠡᠮ ᠢ ᠤᠤᠭᠤᠭᠰᠠᠨ᠂ ᠡᠰᠡᠬᠦᠯ᠎ᠡ ᠮᠠᠰᠢᠨᠲᠤ ᠲᠡᠷᠭᠡ ᠶᠢ ᠠᠶᠤᠯᠭᠦᠶ ᠪᠠᠷ ᠵᠢᠯᠣᠭᠤᠳᠬᠤ ᠶᠢ ᠬᠠᠷᠰᠢᠯᠠᠬᠤ ᠡᠪᠡᠳᠴᠢᠨ ᠲᠠᠢ᠂ ᠡᠰᠡᠬᠦᠯ᠎ᠡ ᠬᠡᠲᠦᠷᠬᠡᠶ ᠶᠠᠳᠠᠷᠠᠭᠰᠠᠨ ᠠᠴᠠ ᠪᠤᠯᠵᠤ ᠠᠶᠤᠯᠭᠦᠶ ᠪᠠᠷ ᠵᠢᠯᠣᠭᠤᠳᠬᠤ ᠶᠢ ᠨᠥᠯᠥᠭᠡᠯᠡᠭᠰᠡᠨ ᠪᠠᠶᠢᠪᠠᠯ᠂ ᠮᠠᠰᠢᠨᠲᠤ ᠲᠡᠷᠭᠡ ᠵᠢᠯᠣᠭᠤᠳᠴᠤ ᠪᠣᠯᠬᠤ ᠦᠭᠡᠢ᠃    ᠶᠠᠮᠠᠷᠪᠠ ᠬᠥᠮᠦᠨ ᠭᠡᠳ ᠵᠢᠯᠣᠭᠤᠴᠢ ᠶᠢ ᠠᠯᠪᠠᠳᠠᠵᠤ᠂ ᠵᠢᠭᠠᠨ ᠳᠤᠬᠢᠵᠤ᠂ ᠳᠤᠷ᠎ᠠ ᠪᠠᠷ ᠨᠢ ᠲᠠᠯᠪᠢᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠮᠠᠰᠢᠨᠲᠤ ᠲᠡᠷᠭᠡ ᠶᠢ ᠠᠶᠤᠯᠭᠦᠶ ᠪᠠᠷ ᠵᠢᠯᠣᠭᠤᠳᠬᠤ ᠱᠠᠭᠠᠷᠳᠠᠯᠭ᠎ᠠ ᠠᠴᠠ ᠵᠥᠷᠢᠴᠡᠭᠦᠯᠦᠨ ᠮᠠᠰᠢᠨᠲᠤ ᠲᠡᠷᠭᠡ ᠵᠢᠯᠣᠭᠤᠳᠣᠭᠤᠯᠵᠤ ᠪᠣᠯᠬᠤ ᠦᠬᠡᠢ᠃    ᠬᠤᠷᠢᠨ ᠭᠤᠷᠪᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃    ᠬᠤᠷᠢᠨ ᠳᠥᠷᠪᠡᠳᠦᠭᠡᠷ ᠵᠦᠢᠯ  ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨᠲᠤ ᠲᠡᠷᠭᠡᠨ ᠤ ᠵᠢᠯᠣᠭᠤᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠠᠴᠠ ᠭᠠᠳᠠᠨ᠎ᠠ᠂ ᠬᠤᠷᠠᠮᠳᠤᠭᠤᠯᠤᠨ ᠬᠤᠪᠢ ᠲᠡᠮᠳᠡᠭᠯᠡᠬᠦ ᠲᠦᠷᠢᠮ ᠢ ᠬᠡᠷᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠠᠮᠳᠤᠭᠤᠯᠤᠨ ᠲᠡᠮᠳᠡᠭᠯᠡᠭᠰᠡᠨ ᠬᠤᠪᠢ ᠨᠢ ᠲᠣᠭᠲᠠᠭᠰᠠᠨ ᠬᠤᠪᠢ ᠶᠢᠨ ᠬᠡᠮᠵᠢᠭᠳᠡᠯ ᠳᠤ ᠬᠦᠷᠦᠭᠰᠡᠨ ᠮᠠᠰᠢᠨᠲᠤ ᠲᠡᠷᠭᠡᠨ ᠤ ᠵᠢᠯᠣᠭᠤᠴᠢ ᠶᠢᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠦᠯᠡᠳᠡᠭᠡᠨ ᠠᠪᠴᠤ᠂ ᠲᠡᠭᠦᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠥᠮᠦᠵᠢᠯ ᠬᠢᠵᠦ᠂ ᠳᠠᠬᠢᠵᠤ ᠰᠢᠯᠭᠠᠨ᠎ᠠ︔ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠨᠢ ᠪᠤᠴᠠᠭᠠᠵᠤ ᠥᠭᠭᠦᠨ᠎ᠡ᠃    ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ᠂ ᠨᠢᠭᠡ ᠵᠢᠯ ᠤᠨ ᠳᠣᠲᠣᠷ᠎ᠠ ᠬᠤᠷᠠᠮᠳᠤᠭᠤᠯᠤᠭᠰᠠᠨ ᠬᠤᠪᠢ ᠦᠭᠡᠶ ᠮᠠᠰᠢᠨᠲᠤ ᠲᠡᠷᠭᠡᠨ ᠤ ᠵᠢᠯᠣᠭᠤᠴᠢ ᠳᠤ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠬᠢᠨᠠᠨ ᠰᠢᠯᠭᠠᠬᠤ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ