ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ ︵ᠨᠢᠭᠡ︶
ᠨᠡᠶᠢᠲᠡᠯᠡᠭᠰᠡᠨ ᠴᠠᠭ᠄
2024/4/25
     ︵2003 ᠣᠨ ᠤ 10 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 2007 ᠣᠨ ᠤ 12 ᠰᠠᠷ᠎ᠠ ᠶᠢᠨ 29 ᠤ ᠡᠳᠦᠷ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠠᠩᠬ᠎ᠠ ᠤᠳᠠᠭ᠎ᠠ ᠵᠠᠰᠠᠪᠠ᠃ 2011 ᠣᠨ ᠤ 4 ᠰᠠᠷ᠎ᠠ ᠶᠢᠨ 22 ᠤᠨ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ ᠤ 4 ᠰᠠᠷ᠎ᠠ ᠶᠢᠨ 29 ᠤ ᠡᠳᠦᠷ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ ᠣᠷᠣᠭᠤᠯᠪᠠ︶        ᠨᠢᠭᠡᠳᠦᠭᠡᠷ ᠪᠦᠯᠦᠭ  ᠶᠡᠷᠦᠩᠬᠡᠢ ᠲᠦᠷᠢᠮ     ᠨᠢᠭᠡᠳᠦᠭᠡᠷ ᠵᠦᠢᠯ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠭᠡᠨᠡᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠳ᠋ ᠬᠦᠷᠦᠩᠭᠡ ᠶᠢᠨ ᠠᠮᠤᠷ ᠲᠦᠪᠰᠢᠨ ᠵᠢᠴᠢ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃    ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ᠂ ᠲᠡᠷᠭᠡᠨ ᠳᠤ ᠰᠠᠭᠤᠭᠴᠢ ᠵᠢᠴᠢ ᠵᠠᠮ ᠬᠠᠷᠢᠯᠴᠠᠭᠠᠨ ᠤ ᠠᠵᠢᠯᠯᠠᠭ᠎ᠠ ᠲᠠᠢ ᠬᠤᠯᠪᠣᠭᠳᠠᠬᠤ ᠨᠢᠭᠡᠴᠢ ᠪᠠ ᠬᠤᠪᠢ ᠬᠥᠮᠦᠨ ᠴᠥᠮ ᠲᠤᠰ ᠬᠠᠤᠯᠢ ᠶᠢ ᠵᠢᠷᠤᠮᠯᠠᠬᠤ ᠬᠡᠷᠡᠭᠲᠡᠶ᠃     ᠭᠤᠷᠪᠠᠳᠤᠭᠠᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠨᠢ ᠬᠠᠤᠯᠢ ᠶᠣᠰᠣᠭᠠᠷ ᠬᠠᠮᠢᠶᠠᠷᠬᠤ᠂ ᠣᠯᠠᠨ ᠲᠦᠮᠡᠨ ᠳᠤ ᠳᠥᠭᠦᠮ ᠦᠵᠡᠭᠦᠯᠬᠦ ᠵᠠᠷᠴᠢᠮ ᠢ ᠵᠢᠷᠤᠮᠯᠠᠵᠤ᠂ ᠵᠠᠮ ᠬᠠᠷᠢᠯᠴᠠᠭᠠᠨ ᠤ ᠡᠮᠬᠢ ᠵᠢᠷᠤᠮ ᠲᠠᠢ᠂ ᠠᠮᠤᠷ ᠲᠦᠪᠰᠢᠨ᠂ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃     ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠬᠤ ᠶᠢ ᠪᠠᠲᠤᠯᠠᠬᠤ ᠬᠡᠷᠡᠭᠲᠡᠶ᠃    ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠮ ᠬᠠᠷᠢᠯᠴᠠᠭᠠᠨ ᠤ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠦᠨᠳᠦᠰᠦᠯᠡᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃     ᠲᠠᠪᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠠᠵᠢᠯ ᠢ ᠬᠠᠷᠢᠭᠤᠴᠠᠬᠤ ᠬᠡᠷᠡᠭᠲᠡᠶ᠃    ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠥᠮᠦᠵᠢᠯ ᠢ ᠦᠷᠭᠦᠯᠵᠢ ᠬᠢᠵᠦ᠂ ᠠᠷᠠᠳ ᠢᠷᠭᠡᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ ᠪᠥᠭᠡᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠱᠢᠶᠡᠴᠢ ᠪᠠᠷ ᠵᠢᠷᠤᠮᠯᠠᠬᠤ ᠬᠡᠷᠡᠭᠲᠡᠶ᠃    ᠪᠠᠶᠢᠭᠤᠯᠭ᠎ᠠ᠂ ᠴᠡᠷᠢᠭ ᠠᠩᠬᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠤᠰ ᠨᠢᠭᠡᠴᠢ ᠶᠢᠨ ᠢᠶᠠᠨ ᠬᠥᠮᠦᠰ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠥᠮᠦᠵᠢᠯ ᠬᠢᠬᠦ ᠬᠡᠷᠡᠭᠲᠡᠶ᠃    ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠬᠠᠤᠯᠢ ᠳᠦᠷᠢᠮ ᠤᠨ ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃    ᠰᠣᠨᠢᠨ ᠮᠡᠳᠡᠭᠡᠯᠡᠯ᠂ ᠬᠡᠪᠯᠡᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠬᠤᠯᠪᠣᠭᠳᠠᠯ ᠪᠦᠬᠦᠢ ᠨᠢᠭᠡᠴᠢ ᠨᠦᠭᠦᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠥᠮᠦᠵᠢᠯ ᠬᠢᠬᠦ ᠡᠭᠦᠷᠭᠡ ᠲᠠᠢ᠃    ᠳᠣᠯᠣᠳᠤᠭᠠᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠶ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠲᠡᠷᠢᠭᠦᠨ ᠤ ᠬᠠᠮᠢᠶᠠᠷᠤᠯᠲᠠ ᠶᠢᠨ ᠠᠷᠭ᠎ᠠ᠂ ᠮᠡᠷᠭᠡᠵᠢᠯ᠂ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ