2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠰᠢ ᠶᠢᠨ ᠡᠳᠦᠷ ᠤᠨ ︽ᠬᠤᠶᠠᠷ ᠢ ᠨᠡᠶᠢᠲᠡᠯᠡᠵᠦ ᠨᠢᠭᠡ ᠰᠠᠨᠠᠭᠤᠯᠤᠮᠵᠢ︾
ᠨᠡᠶᠢᠲᠡᠯᠡᠭᠰᠡᠨ ᠴᠠᠭ᠄
2024/4/3
     2024 ᠣᠨ ᠤ ᠬᠠᠩᠰᠢ ᠶᠢᠨ ᠠᠮᠠᠷᠠᠯᠲᠠ ᠶᠢᠨ ᠲᠣᠬᠢᠷᠠᠭᠤᠯᠤᠯᠲᠠ ᠶᠢ ᠳᠣᠤᠷᠠᠬᠢ ᠮᠡᠲᠦ ᠮᠡᠳᠡᠭᠳᠡᠪᠡ᠄      2024 ᠣᠨ ᠤ 4 ᠰᠠᠷ᠎ᠠ ᠶᠢᠨ 4 ᠤ ᠡᠳᠦᠷ ︵ᠭᠠᠷᠠᠭ ᠤᠨ ᠳᠥᠷᠪᠡᠨ︶ ᠠᠴᠠ 4 ᠰᠠᠷ᠎ᠠ ᠶᠢᠨ 6 ᠤ ᠡᠳᠦᠷ ︵ᠭᠠᠷᠠᠭ ᠤᠨ ᠵᠢᠷᠭᠤᠭᠠᠨ︶ ᠪᠣᠯᠲᠠᠯ᠎ᠠ ᠨᠡᠶᠢᠲᠡ 3 ᠡᠳᠦᠷ ᠠᠮᠠᠷᠠᠨ᠎ᠠ᠃ 4 ᠰᠠᠷ᠎ᠠ ᠶᠢᠨ 7 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃ ᠲᠦᠷᠭᠡᠨ ᠳᠠᠪᠬᠢᠬᠤ ᠵᠠᠰᠠᠮᠠᠯ ᠵᠠᠮ ᠰᠦᠢᠳᠬᠡᠯ ᠬᠤᠷᠢᠶᠠᠬᠤ ᠦᠭᠡᠢ      ᠬᠠᠩᠰᠢ ᠶᠢᠨ ᠬᠤᠭᠤᠴᠠᠭᠠᠨ ᠳᠤ᠂ ᠪᠥᠬᠦ ᠤᠯᠤᠰ ᠤᠨ ᠰᠦᠶ᠋ᠳᠬᠡᠯ ᠬᠤᠷᠢᠶᠠᠬᠤ ᠵᠠᠰᠠᠮᠠᠯ ᠵᠠᠮ ᠨᠢ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡᠨ ᠤ ᠨᠡᠪᠲᠡᠷᠡᠬᠦ ᠰᠦᠶ᠋ᠳᠬᠡᠯ ᠬᠤᠷᠢᠶᠠᠬᠤ ᠥᠬᠡᠶ᠂ ᠰᠦᠶ᠋ᠳᠬᠡᠯ ᠬᠤᠷᠢᠶᠠᠬᠤ ᠥᠬᠡᠶ ᠴᠠᠭ ᠨᠢ 4 ᠰᠠᠷ᠎ᠠ ᠶᠢᠨ 4 ᠤ ᠡᠳᠦᠷ ᠤᠨ 0 ᠴᠠᠭ ᠠᠴᠠ 4 ᠰᠠᠷ᠎ᠠ ᠶᠢᠨ 6 ᠤ ᠡᠳᠦᠷ ᠤᠨ 24 ᠴᠠᠭ ᠪᠣᠯᠤᠨ᠎ᠠ᠂ ᠡᠭᠦᠨ ᠳᠤ ᠮᠠᠰᠢᠨ ᠲᠡᠷᠭᠡᠨ ᠤ ᠰᠦᠶ᠋ᠳᠬᠡᠯ ᠬᠤᠷᠢᠶᠠᠬᠤ ᠥᠷᠲᠡᠭᠡ ᠶᠢᠨ ᠰᠦᠶ᠋ᠳᠬᠡᠯ ᠬᠤᠷᠢᠶᠠᠬᠤ ᠵᠠᠮ ᠢᠶᠠᠷ ᠶᠠᠪᠤᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃      ᠬᠠᠩᠰᠢ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠵᠠᠮ ᠬᠠᠷᠢᠯᠴᠠᠭᠠᠨ ᠤ ᠲᠡᠷᠭᠡᠨ ᠤ ᠤᠷᠤᠰᠬᠠᠯ ᠤᠨ ᠠᠯᠭᠤᠷ ᠤᠳᠠᠭᠠᠨ ᠵᠠᠮ ᠤᠨ ᠬᠡᠰᠡᠭ᠂ ᠴᠠᠭ ᠤᠨ ᠬᠡᠰᠡᠭ᠂ ᠠᠳᠡᠯ ᠤᠨ ᠳᠠᠯᠳᠠ ᠭᠡᠮ ᠤᠨ ᠬᠡᠰᠡᠭ᠂ ᠴᠠᠭ ᠠᠭᠤᠷ ᠤᠨ ᠪᠠᠶᠢᠳᠠᠯ ᠵᠡᠷᠭᠡ ᠠᠭᠤᠯᠭ᠎ᠠ ᠶᠢ ᠲᠥᠪᠯᠡᠷᠡᠭᠦᠯᠦᠨ ᠨᠡᠪᠲᠡᠷᠡᠬᠦ ᠲᠠᠢ ᠤᠶᠠᠯᠳᠤᠭᠤᠯᠤᠨ᠂ ᠡᠯ᠎ᠡ ᠭᠠᠵᠠᠷ ᠤᠨ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ᠂ ᠪᠤᠩᠬᠤᠨ ᠤ ᠭᠠᠵᠠᠷ ᠵᠡᠷᠭᠡ ᠭᠠᠵᠠᠷ ᠤᠨ ᠲᠡᠷᠭᠡ ᠬᠥᠰᠬᠡ ᠶᠠᠪᠤᠬᠤ ᠶᠢ ᠴᠠᠭᠠᠵᠠᠯᠠᠬᠤ᠂ ᠲᠡᠷᠭᠡ ᠵᠣᠭᠰᠣᠬᠤ ᠣᠷᠣᠨ᠂ ᠲᠣᠭᠤᠷᠢᠨ ᠶᠠᠪᠤᠬᠤ ᠠᠷᠭ᠎ᠠ ᠵᠡᠷᠭᠡ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠬᠠᠩᠰᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠶᠢ ᠤᠷᠢᠳᠴᠢᠯᠠᠨ ᠨᠡᠶᠢᠲᠡᠯᠡᠵᠦ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠰᠠᠳ ᠲᠤ ᠭᠠᠳᠠᠭᠰᠢ ᠭᠠᠷᠬᠤ ᠴᠠᠭ᠂ ᠭᠠᠳᠠᠭᠰᠢ ᠭᠠᠷᠬᠤ ᠵᠠᠮ ᠱᠤᠭᠤᠮ ᠪᠠ ᠭᠠᠳᠠᠭᠰᠢ ᠭᠠᠷᠬᠤ ᠠᠷᠭ᠎ᠠ ᠮᠠᠶ᠋ᠢᠭ ᠢᠶᠠᠨ ᠵᠣᠬᠢᠰᠲᠠᠶ ᠰᠣᠩᠭᠤᠵᠤ᠂ ᠮᠠᠭᠤ ᠠᠭᠤᠷ ᠠᠮᠢᠰᠬᠤᠯ ᠢ ᠰᠡᠷᠡᠮᠵᠢᠯᠡᠨ᠂ ᠠᠮᠤᠷ ᠲᠦᠪᠰᠢᠨ ᠢᠶᠠᠷ ᠲᠡᠷᠭᠡ ᠵᠢᠯᠣᠭᠤᠳᠴᠤ᠂ ᠪᠣᠯᠪᠠᠰᠤᠨ ᠢᠶᠠᠷ ᠬᠠᠤᠯᠢ ᠶᠢ ᠰᠠᠬᠢᠵᠤ᠂ ᠠᠮᠤᠷ ᠲᠦᠪᠰᠢᠨ ᠢᠶᠠᠷ ᠬᠡᠷ ᠲᠡᠭᠡᠨ ᠬᠠᠷᠢᠬᠤ ᠶᠢ ᠰᠠᠨᠠᠭᠤᠯᠵᠤ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ