ᠪᠠᠭᠠᠷᠢᠨ ᠵᠡᠭᠦᠨ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ ᠳᠡᠭᠡᠷ᠎ᠡ ᠴᠤᠤᠷᠬᠠᠯ ᠲᠠᠷᠬᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/5/10
      ᠣᠶᠢᠷ᠎ᠠ ᠳᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶ᠎ᠡ ᠪᠠᠷ ᠲᠣᠭᠤᠷᠢᠨ ᠪᠠᠶᠢᠴᠠᠭᠠᠬᠤ ᠳᠤ ᠪᠠᠨ ᠨᠢᠭᠡ ᠬᠥᠮᠦᠨ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠨᠢᠭᠡᠨ ᠭᠠᠵᠠᠷ ᠤᠨ ᠬᠠᠪᠤᠷ ᠤᠨ ᠲᠠᠷᠢᠶᠠᠯᠠᠭ᠎ᠠ ᠶᠢᠨ ᠵᠢᠭᠤᠷᠠᠯᠳᠤᠭᠠᠨ ᠤ ᠬᠡᠷᠡᠭ ᠤᠨ ᠠᠭᠤᠯᠭ᠎ᠠ ᠶᠢ ᠳᠤᠷ᠎ᠠ ᠪᠠᠷ ᠢᠶᠠᠨ ᠬᠠᠯᠠᠨ ᠥᠭᠡᠷᠡᠴᠢᠯᠡᠵᠦ᠂ ᠬᠡᠷᠡᠭ ᠡᠭᠦᠰᠦᠭᠰᠡᠨ ᠭᠠᠵᠠᠷ ᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ ᠪᠠᠷ ᠰᠣᠯᠢᠵᠤ᠂ ᠴᠣᠣᠷᠬᠠᠯ ᠮᠡᠳᠡᠭᠡ ᠵᠠᠩᠭᠢ ᠶᠢ ᠵᠣᠬᠢᠶᠠᠵᠤ ᠲᠠᠷᠬᠠᠭᠠᠭᠰᠠᠨ ᠰᠡᠵᠢᠭᠯᠡᠯᠲᠡᠶ ᠶᠢ ᠣᠯᠵᠤ ᠮᠡᠳᠡᠵᠡᠢ᠃ ᠡᠨᠡ ᠬᠦ ᠰᠦᠪᠡᠭᠴᠢ ᠶᠢ ᠢᠯᠡᠷᠡᠭᠦᠯᠦᠭᠰᠡᠨ ᠤ ᠳᠠᠷᠠᠭ᠎ᠠ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠲᠡᠷᠡ ᠳᠠᠷᠤᠶ ᠳᠤ ᠨᠢ ᠡᠬᠢ ᠡᠭᠦᠰᠦᠯ ᠢ ᠨᠢ ᠡᠷᠢᠬᠦ ᠠᠵᠢᠯ ᠥᠷᠨᠢᠭᠦᠯᠵᠦ᠂ ᠸᠢᠳᠢᠣ᠋ ᠶᠢᠨ ᠵᠣᠬᠢᠶᠠᠭᠴᠢ ᠶᠢᠨ ᠬᠠᠮᠢᠶ᠎ᠠ ᠪᠥᠬᠦᠶ ᠰᠦᠪᠡᠭᠴᠢ ᠶᠢ ᠴᠤᠭᠯᠠᠭᠤᠯᠵᠤ᠂ ᠠᠨᠾᠦ᠋ᠢ ᠮᠤᠵᠢ ᠪᠠᠷ ᠨᠤᠲᠤᠭ ᠲᠠᠢ ᠯᠢᠦ ᠣᠪᠣᠭᠲᠤ ᠶᠢ ᠠᠮᠵᠢᠯᠲᠠ ᠲᠠᠢ ᠪᠠᠷ ᠪᠠᠶᠢᠴᠠᠭᠠᠨ ᠳᠣᠲᠣᠯᠠᠵᠠᠶ᠃ ᠯᠢᠦ ᠣᠪᠣᠭᠲᠤ ᠶᠢᠨ ᠣᠷᠣᠨ ᠪᠠᠶᠢᠷᠢ ᠶᠢ ᠲᠣᠭᠲᠠᠭᠠᠭᠰᠠᠨ ᠤ ᠳᠠᠷᠠᠭ᠎ᠠ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠠᠨᠾᠦ᠋ᠢ ᠮᠤᠵᠢ ᠳᠤ ᠬᠦᠷᠴᠦ᠂ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠠᠮᠵᠢᠯᠴᠠᠭ᠎ᠠ ᠪᠠᠷ ᠯᠢᠦ ᠣᠪᠣᠭᠲᠤ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠭᠤᠳᠠᠨ ᠠᠪᠠᠴᠢᠵᠤ ᠪᠠᠶᠢᠴᠠᠭᠠᠯᠲᠠ ᠬᠦᠯᠢᠶᠡᠯᠭᠡᠵᠡᠶ᠂ ᠯᠠᠪᠯᠠᠨ ᠠᠰᠠᠭᠤᠬᠤ ᠪᠠᠷ ᠳᠠᠮᠵᠢᠭᠠᠳ ᠯᠢᠦ ᠣᠪᠣᠭᠲᠤ ᠴᠤᠤᠷᠬᠠᠯ ᠲᠠᠷᠬᠠᠭᠠᠵᠤ ᠣᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠥᠭᠡᠳ ᠰᠠᠨᠠᠭᠠᠴᠢᠯᠠᠭ᠎ᠠ ᠠᠴᠠ ᠪᠠᠨ ᠪᠤᠷᠤᠭᠤ ᠪᠠᠨ ᠮᠡᠳᠡᠷᠡᠵᠡᠶ᠃
640 (1).jpg
      ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠯᠢᠦ ᠣᠪᠣᠭᠲᠤ ᠳᠤ ᠵᠠᠰᠠᠭ ᠵᠠᠬᠢᠷᠭᠠᠨ ᠤ ᠰᠢᠢᠳᠭᠡᠯ ᠥᠭᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ