ᠨᠢᠭᠡ ᠬᠥᠮᠥᠨ ︽ᠵᠢᠶᠠᠩ ᠳᠤ ᠳᠦᠷᠦᠬᠦ ᠨᠣᠭᠤᠭ᠎ᠠ︾ ᠢᠳᠡᠬᠦ ᠶᠢᠨ ᠲᠥᠯᠥᠭᠡ ᠬᠠᠤᠯᠢ ᠪᠤᠰᠤ ᠪᠠᠷ ᠠᠮᠤ ᠴᠡᠴᠡᠭ ᠳᠠᠷᠢᠭᠰᠠᠨ ᠠᠴᠠ ᠵᠠᠰᠠᠭ ᠵᠠᠬᠢᠷᠭᠠᠨ ᠤ ᠰᠢᠳᠭᠡᠯ ᠣᠯᠪᠠ
ᠨᠡᠶᠢᠲᠡᠯᠡᠭᠰᠡᠨ ᠴᠠᠭ᠄
2024/5/14
      2024 ᠣᠨ ᠤ 5 ᠰᠠᠷ᠎ᠠ ᠶᠢᠨ 3 ᠤ ᠡᠳᠦᠷ᠂ ︽ᠬᠤᠷᠴᠠ ᠰᠡᠯᠡᠮ᠎ᠡ — 24︾ ᠶᠢᠨ ᠬᠤᠤᠷᠲᠤ ᠡᠳ᠋ ᠢ ᠠᠷᠢᠯᠭᠠᠬᠤ ᠲᠤᠰᠬᠠᠶ ᠠᠵᠢᠯᠯᠠᠭ᠎ᠠ ᠳᠤᠮᠳᠠ᠂ ᠤᠯᠠᠭᠠᠨᠬᠠᠳᠠ ᠬᠤᠲᠠ ᠶᠢᠨ ᠰᠥᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠧᠩ ᠽᠢ ᠲᠣᠮᠢᠯᠠᠭᠰᠠᠨ ᠰᠠᠯᠪᠤᠷᠢ ᠶᠢᠨ ᠬᠢᠨ ᠬᠠᠷᠢᠶᠠᠲᠤ ᠣᠷᠣᠨ ᠤ ᠪᠠᠨ ᠭᠠᠴᠠᠭᠠᠨ ᠤ ᠠᠷᠠᠳ ᠵᠠᠩ ᠣᠪᠣᠭᠲᠤ ᠬᠦᠯᠡᠮᠵᠢ ᠠᠴᠠ 99 ᠰᠠᠭᠤᠷᠢ ᠠᠮᠤ ᠴᠡᠴᠡᠭ ᠤᠨ ᠤᠷᠭᠤᠮᠠᠯ ᠢ ᠪᠠᠶᠢᠴᠠᠭᠠᠨ ᠣᠯᠵᠤ᠂ ᠲᠡᠭᠦᠨ ᠢ ᠪᠠᠷᠢᠪᠴᠢᠯᠠᠪᠠ᠃ ︽ᠪᠢ ᠲᠡᠭᠦᠨ ᠢ ᠲᠠᠷᠢᠭᠠᠳ ᠵᠢᠶᠠᠩ ᠳᠤ ᠳᠤ ᠳᠦᠷᠦᠵᠦ ᠢᠳᠡᠬᠦ ᠭᠡᠰᠡᠨ ᠠᠴᠠ ᠪᠢᠰᠢ ᠬᠠᠤᠯᠢ ᠠᠴᠠ ᠵᠥᠷᠢᠴᠡᠬᠦ ᠶᠢ ᠮᠡᠳᠡᠬᠦ ᠦᠭᠡᠶ ᠁︾ ᠭᠡᠵᠦ ᠵᠠᠩ ᠣᠪᠣᠭᠲᠤ ᠬᠡᠯᠡᠪᠡ᠃ ᠪᠤᠷᠤᠭᠤ ᠲᠠᠨᠢᠯᠲᠠ ᠨᠢ ᠵᠠᠩ ᠣᠪᠣᠭᠲᠤ ᠶᠢᠨ ᠬᠠᠤᠯᠢ ᠠᠴᠠ ᠵᠥᠷᠢᠴᠡᠬᠦ ᠶᠢᠨ ︽ᠬᠠᠯᠬᠠᠪᠴᠢ︾ ᠪᠣᠯᠵᠤ ᠪᠣᠯᠬᠤ ᠦᠭᠡᠶ᠂ ᠠᠷᠠᠳ ᠤᠨ ᠴᠠᠭᠳᠠᠭ᠎ᠠ ᠬᠦᠯᠢᠴᠡᠩᠭᠦᠶ ᠪᠠᠷ ᠵᠠᠩ ᠣᠪᠣᠭᠲᠤ ᠳᠤ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠬᠢᠵᠦ᠂ ᠲᠡᠭᠦᠨ ᠳᠤ ᠠᠮᠤ ᠴᠡᠴᠡᠭ ᠳᠠᠷᠢᠬᠤ ᠶᠢᠨ ᠬᠦᠨᠳᠦ ᠨᠣᠴᠢᠲᠠᠶ ᠬᠤᠣᠷ ᠬᠥᠨᠥᠭᠡᠯ ᠪᠠ ᠬᠠᠤᠯᠢ ᠠᠴᠠ ᠵᠥᠷᠢᠴᠡᠭᠰᠡᠨ ᠰᠢᠨᠵᠢ ᠴᠢᠨᠠᠷ ᠢ ᠨᠠᠷᠢᠨ ᠲᠠᠶᠢᠯᠪᠤᠷᠢᠯᠠᠵᠤ ᠥᠭᠴᠡᠶ᠃ ᠠᠷᠠᠳ ᠤᠨ ᠴᠠᠭᠳᠠᠭ᠎ᠠ ᠨᠠᠷ ᠤᠨ ᠬᠥᠮᠦᠵᠢᠯ ᠵᠢᠯᠣᠭᠤᠳᠣᠯᠭ᠎ᠠ ᠪᠠᠷ ᠵᠠᠩ ᠣᠪᠣᠭᠲᠤ ᠥᠪᠡᠷ ᠤᠨ ᠪᠤᠷᠤᠭᠤ ᠪᠠᠨ ᠭᠦᠨᠵᠡᠭᠡᠶ ᠲᠠᠨᠢᠵᠤ᠂ ᠰᠠᠨᠠᠭᠠᠴᠢᠯᠠᠭ᠎ᠠ ᠠᠴᠠ ᠪᠠᠨ 99 ᠰᠠᠭᠤᠷᠢ ᠠᠮᠤ ᠴᠡᠴᠡᠭ ᠤᠨ ᠤᠷᠭᠤᠮᠠᠯ ᠢ ᠪᠦᠬᠦᠨ ᠢ ᠠᠷᠢᠯᠭᠠᠵᠤ ᠬᠠᠶᠠᠵᠠᠶ᠃ ᠭᠡᠪᠡᠴᠦ ᠵᠠᠩ ᠣᠪᠣᠭᠲᠤ ᠶᠢᠨ ᠠᠵᠢᠯᠯᠠᠭ᠎ᠠ ᠨᠢ ᠨᠢᠭᠡᠨᠲᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠵᠡᠶ᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠵᠠᠩ ᠣᠪᠣᠭᠲᠤ ᠳᠤ ᠵᠠᠰᠠᠭ ᠵᠠᠬᠢᠷᠭᠠᠨ ᠤ ᠰᠢᠢᠳᠭᠡᠯ ᠥᠭᠴᠡᠶ᠃
嘴馋惹的祸 一村民为吃-1037.png
嘴馋惹的祸 一村民为吃-587.png
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ