ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠨᠢ ᠡᠷᠴᠢ ᠬᠦᠴᠦ ᠪᠠᠨ ᠲᠥᠪᠯᠡᠷᠡᠭᠦᠯᠦᠨ ᠪᠦᠬᠦ ᠰᠡᠳᠬᠢᠯ ᠢᠶᠠᠷ ᠠᠷᠠᠳ ᠲᠤ ᠦᠢᠯᠡᠴᠢᠯᠡᠪᠡ
ᠨᠡᠶᠢᠲᠡᠯᠡᠭᠰᠡᠨ ᠴᠠᠭ᠄
2024/5/14
      ᠡᠨᠡ ᠵᠢᠯ ᠠᠴᠠ ᠨᠠᠭᠠᠰᠢ᠂ ᠰᠢᠯᠢ ᠶᠢᠨ ᠭᠤᠣᠯ ᠠᠢᠮᠠᠭ ᠤᠨ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠳᠤ ᠦᠢᠯᠡᠴᠢᠯᠡᠬᠦ ᠠᠷᠭ᠎ᠠ ᠠᠪᠴᠠᠯ ᠢᠶᠠᠨ ᠳᠡᠰ ᠳᠡᠪᠰᠢᠭᠦᠯᠬᠦ ᠶᠢ ᠪᠠᠷᠢᠮᠲᠠᠯᠠᠵᠤ᠂ ︽ᠨᠡᠩ ᠰᠢᠯᠢᠳᠡᠭ ᠦᠢᠯᠡᠴᠢᠯᠡᠭᠡ᠂ ᠨᠡᠩ ᠥᠨᠳᠥᠷ ᠦᠷ᠎ᠡ ᠪᠦᠲᠦᠮᠵᠢ᠂ ᠣᠯᠠᠨ ᠲᠦᠮᠡᠨ ᠨᠡᠩ ᠬᠠᠨᠤᠮᠵᠢᠲᠠᠢ︾ ᠠᠵᠢᠯ ᠤᠨ ᠣᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠳᠡᠰ ᠳᠡᠪᠰᠢᠭᠦᠯᠬᠦ ᠶᠢ ᠠᠬᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠳᠦᠷᠢᠮᠵᠢᠭᠰᠡᠨ᠂ ᠥᠨᠳᠥᠷ ᠦᠷ᠎ᠡ ᠪᠦᠲᠦᠮᠵᠢᠲᠡᠢ᠂ ᠳᠥᠭᠦᠮ ᠲᠦᠳᠡ ᠴᠣᠩᠬᠤᠪᠴᠢ ᠶᠢᠨ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠵᠠᠢ ᠶᠢ ᠲᠠᠰᠤᠷᠠᠯᠲᠠ ᠥᠬᠡᠢ ᠣᠶᠢᠷᠠᠲᠤᠭᠤᠯᠤᠨ᠂ ᠦᠢᠯᠡᠴᠢᠯᠡᠭᠡᠨ ᠤ ᠪᠦᠲᠦᠮᠵᠢ ᠪᠠᠨ ᠰᠢᠯᠢᠳᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠡᠯ᠎ᠡ ᠲᠥᠷᠥᠯ ᠤᠨ ᠠᠷᠭ᠎ᠠ ᠠᠪᠴᠠᠯ ᠢ ᠪᠦᠬᠦ ᠲᠠᠯ᠎ᠠ ᠪᠠᠷ ᠭᠦᠨᠵᠡᠭᠡᠢᠷᠡᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠥᠨᠳᠥᠷ ᠴᠢᠨᠰᠠᠭ᠎ᠠ ᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠵᠠᠢ᠃
20240510113924.jpg
     ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠨᠢ ᠪᠠᠶᠠᠷ ᠤᠨ ᠳᠠᠷᠠᠭᠠᠬᠢ ᠭᠡᠷᠡᠴᠢ ᠦᠨᠡᠮᠯᠡᠯ ᠠᠪᠬᠤ ᠣᠷᠭᠢᠯ ᠬᠤᠭᠤᠴᠠᠭ᠎ᠠ ᠪᠠᠨ ᠤᠭᠲᠤᠵᠤ᠂ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠦᠢᠯᠡᠴᠢᠯᠡᠭᠡᠨ ᠤ ᠲᠥᠪ ᠠᠴᠠ ᠠᠷᠭ᠎ᠠ ᠬᠡᠮᠵᠢᠶ᠎ᠡ ᠠᠪᠴᠤ᠂ ᠣᠳᠣ ᠶᠢᠨ ᠪᠠᠶᠢᠭ᠎ᠠ ᠴᠠᠭᠳᠠᠭᠠᠨ ᠤ ᠬᠦᠴᠦᠨ ᠢ ᠨᠢᠭᠡᠳᠬᠡᠵᠦ᠂ ᠦᠢᠯᠡᠴᠢᠯᠡᠭᠡᠨ ᠤ ᠬᠡᠪ ᠵᠠᠭᠪᠤᠷ ᠢᠶᠠᠨ ᠲᠣᠬᠢᠷᠠᠭᠤᠯᠵᠤ᠂ ᠪᠠᠶᠠᠷ ᠤᠨ ᠡᠳᠦᠷ ᠤᠨ ᠳᠠᠷᠠᠭᠠᠬᠢ ᠭᠡᠷᠡᠴᠢ ᠦᠨᠡᠮᠨᠡᠯ ᠭᠦᠢᠴᠡᠳᠬᠡᠬᠦ ᠣᠷᠭᠢᠯ ᠬᠤᠭᠤᠴᠠᠭ᠎ᠠ ᠶᠢ ᠢᠳᠡᠪᠬᠢᠲᠡᠢ ᠠᠷᠭᠠᠴᠠᠵᠤ᠂ ᠥᠷᠭᠡᠨ ᠣᠯᠠᠨ ᠠᠷᠠᠳ ᠲᠦᠮᠡᠨ ᠳᠤ ᠦᠨᠡᠨ ᠬᠦ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ᠂ ᠳᠥᠭᠦᠮ ᠲᠥᠳᠡ ᠦᠢᠯᠡᠴᠢᠯᠡᠭᠡ ᠬᠠᠩᠭᠠᠪᠠ᠃
20240510113914.jpg
     ᠨᠢᠭᠡ ᠳᠤ᠂ ᠤᠬᠠᠮᠰᠠᠷ ᠠᠴᠠ ᠪᠠᠨ ᠦᠢᠯᠡᠴᠢᠯᠡᠭᠡ ᠬᠠᠩᠭᠠᠪᠠ᠃ ᠠᠵᠢᠯᠲᠠᠳ ᠤᠷᠢᠳᠴᠢᠯᠠᠨ ᠠᠵᠢᠯ ᠤᠨ ᠪᠠᠶᠢᠷᠢ ᠳᠤ ᠪᠠᠨ ᠬᠦᠷᠴᠦ᠂ ᠺᠣᠮᠫᠢᠦ᠋ᠲ᠋ᠧᠷ᠂ ᠪᠢᠴᠢᠭᠯᠡᠭᠦᠷ᠂ ᠰᠢᠷᠪᠢᠭᠦᠷ ᠵᠡᠷᠭᠡ ᠲᠥᠬᠦᠭᠡᠷᠦᠮᠵᠢ ᠶᠢ ᠪᠠᠶᠢᠴᠠᠭᠠᠨ᠂ ᠲᠣᠨᠤᠭ ᠲᠥᠭᠦᠭᠡᠷᠦᠮᠵᠢ ᠶᠢᠨ ᠰᠠᠭᠠᠳ ᠥᠬᠡᠢ ᠶᠠᠪᠤᠭᠳᠠᠬᠤ ᠶᠢ ᠪᠠᠲᠤᠯᠠᠨ᠎ᠠ᠃ ᠲᠤᠰᠬᠠᠢ ᠴᠠᠭᠳᠠᠭᠠᠨ ᠤ ᠬᠦᠴᠦᠨ ᠢ ᠲᠣᠬᠢᠷᠠᠭᠤᠯᠵᠤ᠂ ᠣᠯᠠᠨ ᠲᠦᠮᠡᠨ ᠤ ᠠᠰᠠᠭᠤᠨ ᠯᠠᠪᠯᠠᠯᠲᠠ ᠳᠤ ᠨᠠᠷᠢᠨ ᠨᠢᠮᠪᠠᠢ ᠬᠠᠷᠢᠭᠤᠯᠲᠠ ᠥᠭᠴᠦ᠂ ᠣᠯᠠᠨ ᠲᠦᠮᠡᠨ ᠢ ᠬᠦᠯᠢᠴᠡᠩᠭᠦᠢ ᠬᠥᠲᠥᠯᠦᠨ ᠵᠢᠯᠣᠭᠤᠳᠴᠤ ᠮᠥᠷᠯᠡᠨ ᠳ᠋ᠤᠭᠠᠷᠯᠠᠭᠤᠯᠵᠤ᠂ ᠦᠢᠯᠡᠴᠢᠯᠡᠭᠡᠨ ᠤ ᠴᠣᠩᠬᠤᠪᠴᠢ ᠳᠤ ᠴᠢᠬᠢᠯᠳᠦᠬᠦ ᠠᠴᠠ ᠵᠶᠢᠯᠠᠰᠬᠢᠵᠦ᠂ ︽ᠨᠢᠭᠡ ᠤᠳᠠᠭ᠎ᠠ ᠵᠢᠭᠰᠠᠭᠠᠵᠤ᠂ ᠨᠢᠭᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃     ᠬᠤᠶᠠᠷ ᠲᠤ᠂ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠪᠡ᠃ ︽ᠦᠢᠯᠡᠴᠢᠯᠡᠭᠡ + ᠠᠷᠠᠳ ᠲᠤ ᠳᠥᠭᠦᠮ ᠦᠵᠡᠭᠦᠯᠬᠦ︾ ᠪᠠᠷ ᠵᠣᠷᠢᠯᠲᠠ ᠪᠣᠯᠭᠠᠵᠤ᠂ ᠨᠠᠰᠤᠲᠠᠶᠢᠴᠤᠳ᠂ ᠰᠤᠷᠤᠭᠴᠢ᠂ ᠭᠠᠳᠠᠭᠰᠢ ᠭᠠᠷᠴᠤ ᠠᠵᠢᠯᠯᠠᠭᠰᠠᠳ᠂ ᠠᠵᠤ ᠠᠬᠤᠢᠯᠠᠯ ᠤᠨ ᠠᠵᠢᠯᠴᠢᠳ ᠵᠡᠷᠭᠡ ᠲᠤᠬᠠᠶᠢᠯᠠᠭᠰᠠᠨ ᠠᠵᠢᠯ ᠭᠦᠢᠴᠡᠳᠬᠡᠬᠦ ᠪᠠᠴᠢᠮ ᠴᠢᠬᠤᠯᠠᠲᠠᠢ ᠬᠥᠮᠦᠰ ᠲᠤ ︽ᠰᠠᠭᠠᠳ ᠥᠬᠡᠢ ᠨᠡᠪᠲᠡᠷᠡᠬᠦ ᠵᠠᠮ︾ ᠤᠨ ᠳᠥᠭᠦᠮ ᠲᠦᠳᠡ ᠦᠢᠯᠡᠴᠢᠯᠡᠭᠡ ᠶᠢ ᠨᠡᠭᠡᠭᠡᠨ ᠥᠭᠴᠦ᠂ ᠤᠷᠢᠳᠠᠪᠡᠷ ᠬᠦᠯᠢᠶᠡᠨ ᠠᠪᠴᠤ ᠰᠢᠢᠳᠪᠦᠷᠢᠯᠡᠨ᠂ ᠤᠷᠢᠳᠠᠪᠡᠷ ᠬᠢᠨᠠᠨ ᠵᠥᠪᠰᠢᠶᠡᠷᠡᠨ᠎ᠡ᠃     ᠭᠤᠷᠪᠠ ᠳᠤ᠂ ᠤᠷᠢᠳᠴᠢᠯᠠᠨ ᠪᠣᠯᠵᠣᠬᠤ ᠶᠢ ᠠᠬᠢᠭᠤᠯᠵᠤ᠂ ᠦᠢᠯᠡᠴᠢᠯᠡᠬᠦ ᠴᠠᠭ ᠢ ᠤᠷᠲᠤᠳᠬᠠᠪᠠ᠃ ᠦᠨᠡᠮᠯᠡᠯ ᠭᠦᠢᠴᠡᠳᠬᠡᠬᠦ ᠬᠥᠮᠦᠰ ᠲᠤ ᠴᠢᠭᠯᠡᠭᠦᠯᠦᠨ᠂ ᠦᠢᠯᠡᠴᠢᠯᠡᠭᠡᠨ ᠤ ᠴᠣᠩᠬᠤᠪᠴᠢ ᠳᠤ ᠴᠠᠭᠳᠠᠭᠠᠨ ᠤ ᠬᠦᠴᠦᠨ ᠢ ᠵᠣᠬᠢᠰᠲᠠᠢ ᠲᠣᠬᠢᠷᠠᠭᠤᠯᠵᠤ᠂ ᠤᠷᠢᠳᠴᠢᠯᠠᠨ ᠪᠣᠯᠵᠣᠬᠤ ᠶᠢ ᠠᠬᠢᠭᠤᠯᠵᠤ᠂ ᠦᠢᠯᠡᠴᠢᠯᠡᠬᠦ ᠴᠠᠭ ᠢ ᠦᠷᠲᠤᠳᠬᠠᠨ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠤ ᠭᠡᠷᠡᠴᠢ ᠦᠨᠡᠮᠯᠡᠯ ᠭᠦᠢᠴᠡᠳᠬᠡᠬᠦ ᠳᠤ ᠳᠥᠭᠦᠮ ᠦᠵᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃     5 ᠰᠠᠷ᠎ᠠ ᠶᠢᠨ 6 ᠤ ᠡᠳᠦᠷ᠂ ᠦᠢᠯᠡᠴᠢᠯᠡᠭᠡᠨ ᠤ ᠴᠣᠩᠬᠤᠪᠴᠢ ᠳᠤ ᠲᠤᠬᠠᠶᠢᠯᠠᠭᠰᠠᠨ ᠠᠵᠢᠯ ᠤᠨ ᠦᠨᠡᠮᠯᠡᠯ  ᠬᠦᠢᠴᠡᠳᠬᠡᠭᠰᠡᠨ  ᠬᠦᠮᠦᠨ  ᠤ  ᠲᠤᠭ᠎ᠠ  ᠲᠤᠰ ᠲᠤᠰ᠂ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ 19 ᠬᠦᠮᠦᠨ᠂ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ 21 ᠬᠥᠮᠦᠨ᠂ ᠣᠷᠣᠰᠢᠨ ᠰᠠᠭᠤᠬᠤ ᠦᠨᠡᠮᠯᠡᠯ ᠤᠨ ᠲᠤᠬᠠᠶᠢᠯᠠᠭᠰᠠᠨ ᠠᠵᠢᠯ 11 ᠬᠥᠮᠦᠨ᠂ ᠲᠦᠷ ᠴᠠᠭ ᠤᠨ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ 7 ᠬᠥᠮᠦᠨ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠭᠰᠠᠨ ᠳᠤᠬᠠᠶᠢᠯᠠᠭᠰᠠᠨ ᠠᠵᠢᠯ 10 ᠭᠠᠷᠤᠢ ᠬᠥᠮᠦᠨ ᠤᠳᠠᠭ᠎ᠠ ᠪᠠᠶᠢᠵᠤ᠂ ᠣᠯᠠᠨ ᠲᠦᠮᠡᠨ ᠢ ᠬᠦᠯᠢᠶᠡᠨ ᠵᠣᠴᠢᠯᠠᠭᠰᠠᠨ ᠲᠤᠭ᠎ᠠ 70 ᠭᠠᠷᠤᠢ ᠬᠥᠮᠦᠨ ᠤᠳᠠᠭ᠎ᠠ ᠳᠤ ᠬᠦᠷᠴᠦ᠂ ᠰᠠᠶᠢᠨ ᠰᠠᠶᠢᠬᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠠᠯᠠᠭᠤᠨ ᠰᠡᠳᠬᠢᠯᠭᠡ ᠲᠠᠢ ᠦᠢᠯᠡᠴᠢᠯᠡᠬᠦ ᠣᠪᠣᠷ ᠨᠢ ᠣᠯᠠᠨ ᠲᠦᠮᠡᠨ ᠤ ᠲᠠᠭᠠᠰᠢᠶᠠᠯ ᠶᠢ ᠣᠯᠵᠤ᠂ ᠣᠯᠠᠨ ᠲᠦᠮᠡᠨ ᠳᠤ ᠠᠷᠠᠳ ᠲᠦᠮᠡᠨ ᠤ ᠲᠥᠯᠦᠭᠡ ᠵᠢᠳᠬᠦᠬᠦ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠶᠢᠨ ᠰᠠᠶᠢᠬᠠᠨ ᠳᠦᠷᠢ ᠲᠥᠷᠬᠦ ᠶᠢ ᠦᠵᠡᠭᠦᠯᠦᠭᠰᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ