ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠶᠠᠳᠤᠭᠠᠷ ᠬᠤᠭᠤᠴᠠᠭᠠᠨ ᠤ ᠴᠠᠬᠢᠮ ᠦᠷᠢᠰᠦᠯᠳᠦᠭᠡᠨ ᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/14
      ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠵᠠᠯᠠᠭᠤ ᠨᠠᠰᠤᠨ ᠤ ᠴᠤᠭ ᠵᠢᠪᠬᠤᠭ᠎ᠠ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠬᠦ᠂ ᠪᠥᠬᠦ ᠴᠠᠭᠳᠠᠭᠠᠨ ᠤ ᠪᠦᠯᠬᠦᠮ ᠤᠨ ᠤᠬᠠᠮᠰᠠᠷ᠂ ᠥᠷᠢᠰᠥᠯᠳᠦᠭᠡᠨ ᠤ ᠵᠣᠷᠢᠭ ᠰᠠᠨᠠᠭ᠎ᠠ ᠪᠠ ᠬᠠᠮᠲᠤ ᠶᠢᠨ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠶᠠᠳᠤᠭᠠᠷ ᠬᠤᠭᠤᠴᠠᠭᠠᠨ ᠤ ᠴᠠᠬᠢᠮ ᠦᠷᠢᠰᠦᠯᠳᠦᠭᠡᠨ ᠤ ᠤᠷᠤᠯᠳᠤᠭᠠᠨ ᠶᠠᠪᠤᠭᠤᠯᠪᠠ᠃
微信图片_20240508160910.jpg
      ᠲᠤᠰ ᠤᠳᠠᠭ᠎ᠠ ᠶᠢᠨ ᠤᠷᠤᠯᠳᠤᠭᠠᠨ ᠨᠢ ︽ᠸᠠᠩ ᠤᠨ ᠢᠷᠠᠭᠤ ᠠᠯᠳᠠᠷ︾᠂ ︽ᠪᠠᠭᠠᠲᠤᠷᠴᠤᠳ ᠤᠨ ᠬᠤᠯᠪᠣᠭ᠎ᠠ︾ ᠵᠡᠷᠭᠡ ᠲᠣᠭᠯᠠᠭᠠᠮ ᠢᠶᠠᠷ ᠤᠷᠤᠯᠳᠤᠭᠠᠨ ᠤ ᠲᠦᠷᠦᠯ ᠵᠦᠢᠯ ᠪᠣᠯᠭᠠᠵᠤ᠂ ᠬᠤᠪᠢᠶᠠᠷᠢ ᠲᠣᠪᠴᠢᠶ᠎ᠠ ᠶᠢᠨ ᠡᠯ᠎ᠡ ᠠᠩᠬᠢ ᠶᠢᠨ 70 ᠨᠡᠷᠡᠰ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠷ ᠪᠦᠷᠢᠯᠳᠦᠭᠰᠡᠨ 14  ᠠᠩᠬᠢ ᠵᠢᠷᠭᠤᠭᠠᠨ ᠳᠤᠭᠤᠶᠢᠯᠠᠩ ᠬᠤᠪᠢᠶᠠᠨ ᠤᠷᠤᠯᠳᠤᠭᠠᠨ ᠶᠠᠪᠤᠭᠤᠯᠵᠠᠢ᠃
微信图片_20240508160630.jpg
      ᠡᠯ᠎ᠡ ᠲᠠᠯ᠎ᠠ ᠶᠢᠨ ᠢᠯᠭᠤᠮ ᠤᠷᠤᠭᠰᠢᠲᠠᠢ ᠠᠵᠢᠯ ᠢᠶᠠᠷ ᠳᠠᠮᠵᠢᠨ᠂ ᠡᠨᠡ ᠤᠳᠠᠭᠠᠨ ᠤ ᠴᠠᠬᠢᠮ ᠦᠷᠢᠰᠦᠯᠳᠦᠭᠡᠨ ᠤ ᠤᠷᠤᠯᠳᠤᠭᠠᠨ ᠨᠢ᠂ ᠠᠷᠠᠳ ᠤᠨ ᠴᠠᠭᠳᠠᠭ᠎ᠠ ᠨᠠᠷ ᠲᠤ ᠣᠯᠳᠠᠬᠤᠶ᠎ᠠ ᠪᠡᠷᠬᠡ ᠰᠤᠯᠠ ᠰᠡᠯᠡᠭᠦᠦ ᠴᠠᠭ ᠬᠠᠩᠭᠠᠵᠤ᠂ ᠡᠯ᠎ᠡ ᠠᠩᠭᠢ᠂ ᠡᠯ᠎ᠡ ᠴᠠᠭᠳᠠᠭᠠᠨ ᠤ ᠲᠥᠷᠥᠯ ᠤᠨ ᠬᠤᠭᠤᠷᠣᠨᠳᠣᠬᠢ ᠬᠠᠷᠢᠯᠴᠠᠭ᠎ᠠ ᠪᠠ ᠪᠦᠯᠬᠦᠮᠳᠡᠯ ᠢ ᠴᠢᠩᠭᠠᠳᠬᠠᠵᠤ᠂ ᠪᠠᠰᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠣᠷᠢᠭ ᠢᠶᠠᠷ ᠰᠦᠩᠱᠠᠨ ᠲᠣᠭᠤᠷᠢᠭ ᠤᠨ ᠠᠮᠤᠷ ᠲᠦᠪᠰᠢᠨ ᠲᠣᠭᠲᠠᠭᠤᠨ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠪᠦᠲᠦᠮᠵᠢᠲᠡᠶ ᠪᠠᠷ ᠤᠷᠮᠠᠰᠢᠭᠤᠯᠤᠨ ᠵᠣᠷᠢᠭᠵᠢᠭᠤᠯᠵᠠᠶ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ