ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ ᠶᠢᠨ ᠮᠥᠷᠦ᠋ᠢᠴᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/15
    ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ ᠶᠢᠨ ᠮᠥᠷᠦ᠋ᠢᠴᠡᠭᠡᠨ ᠲᠡᠭᠦᠰ ᠠᠮᠵᠢᠯᠲᠠ ᠲᠠᠢ ᠥᠨᠳᠥᠷᠯᠡᠵᠦ᠂ ᠣᠷᠣᠯᠴᠠᠭᠰᠠᠨ ᠲᠠᠮᠢᠷᠴᠢᠨ ᠪᠣᠯ ᠪᠦᠬᠦ ᠬᠤᠳᠠ ᠶᠢᠨ 12 ᠬᠤᠰᠢᠭᠤ ᠰᠢᠶᠠᠨ ᠲᠣᠭᠤᠷᠢᠭ ᠠᠴᠠ ᠢᠷᠡᠭᠰᠡᠨ 180 ᠭᠠᠷᠤᠢ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ ᠪᠣᠯᠤᠨ᠎ᠠ᠂ ᠭᠤᠷᠪᠠᠨ ᠡᠳᠦᠷ ᠤᠨ ᠬᠤᠭᠤᠴᠠᠭ᠎ᠠ ᠲᠠᠢ ᠮᠥᠷᠦ᠋ᠢᠴᠡᠭᠡᠨ ᠢᠶᠠᠷ ᠲᠠᠮᠵᠢᠨ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ 9 ᠰᠢᠯᠢᠳᠡᠭ ᠰᠤᠷᠭᠠᠭᠴᠢ ᠶᠡᠷᠦᠩᠬᠡᠶᠢᠯᠡᠭᠰᠡᠨ ᠲᠠᠮᠢᠷ ᠤᠷ᠎ᠠ ᠴᠢᠳᠠᠪᠤᠷᠢ ᠶᠢᠨ   ᠬᠠᠮᠲᠤ ᠨᠢᠭᠡᠴᠡ ᠶᠢᠨ ᠬᠤᠶᠠᠳᠤᠭᠠᠷ ᠲᠤ ᠣᠷᠣᠵᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ 85 ᠺᠢᠯᠣᠭ᠍ᠷᠠᠮ ᠤᠨ ᠲᠡᠰ ᠤᠨ ᠲᠡᠮᠡᠴᠡᠭᠡᠨ ᠤ ᠤᠷᠤᠯᠳᠤᠭᠠᠨ ᠳᠤ ᠮᠠᠩᠯᠠᠶᠢᠯᠠᠭᠰᠠᠨ ᠰᠠᠶᠢᠨ ᠬᠢᠷᠢ ᠪᠦᠲᠦᠮᠵᠢ ᠶᠢ ᠣᠯᠵᠠᠢ᠃
微信图片_20240424173606.jpg
    ᠡᠨᠡ ᠪᠣᠯ ᠨᠢᠭᠡ ᠤᠳᠠᠭᠠᠨ ᠤ ᠰᠤᠷᠭᠠᠭᠴᠢ ᠪᠣᠯᠤᠨ ᠰᠤᠷᠭᠠᠭᠴᠢ ᠶᠢᠨ ᠦᠵᠡᠯᠴᠡᠭᠡᠨ ᠮᠥᠨ᠂ ᠣᠨᠣᠯ ᠤᠨ ᠲᠠᠯ᠎ᠠ ᠪᠠᠷ ᠬᠢ ᠦᠵᠡᠯᠴᠡᠭᠡᠨ ᠮᠥᠷᠲᠡᠭᠡᠨ ᠪᠣᠳᠠᠲᠤ ᠪᠠᠶᠢᠯᠳᠤᠭᠠᠨ ᠤ ᠲᠠᠯ᠎ᠠ ᠪᠠᠷ ᠬᠢ᠂ ᠮᠥᠷᠦ᠋ᠢᠴᠡᠭᠡᠨ ᠨᠢ ᠶᠡᠷᠦᠩᠬᠡᠶᠢᠯᠡᠭᠰᠡᠨ ᠲᠠᠮᠢᠷ ᠤᠷ᠎ᠠ ᠴᠢᠳᠠᠪᠤᠷᠢ᠂ ᠪᠠᠶᠢᠩᠭᠤ ᠲᠣᠬᠢᠶᠠᠯᠳᠤᠳᠠᠭ ᠴᠠᠭᠳᠠᠭᠠᠨ ᠤ ᠪᠠᠶᠢᠳᠠᠯ ᠤᠨ ᠰᠢᠢᠳᠪᠦᠷᠢᠯᠡᠯᠲᠡ᠂ ᠫᠤᠤ ᠵᠡᠪᠰᠡᠭ᠂ ᠲᠡᠮᠡᠴᠡᠯᠳᠦᠭᠡᠨ ᠵᠡᠷᠭᠡ ᠳᠥᠷᠪᠡᠨ ᠬᠢᠴᠢᠶᠡᠯ ᠲᠥᠷᠥᠯ ᠪᠣᠯᠤᠨ᠎ᠠ᠃ ᠮᠥᠷᠦ᠋ᠢᠴᠡᠭᠡᠨ ᠳᠤ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠡᠰᠢᠭᠦᠳ ᠬᠥᠮᠦᠨ ᠬᠥᠷᠥᠬᠦ ᠦᠭᠡᠢ᠂ ᠬᠢᠴᠢᠶᠡᠯ ᠲᠥᠷᠥᠯ ᠳᠠᠪᠬᠤᠴᠠᠭᠰᠠᠨ᠂ ᠦᠷᠭᠦᠯᠵᠢᠯᠡᠨ ᠪᠠᠶᠢᠯᠳᠤᠬᠤ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ︽ᠤᠯᠤᠰ ᠲᠦᠷᠦ ᠶᠢ ᠣᠨᠴᠠᠭᠠᠢ ᠡᠷᠬᠢᠮᠯᠡᠬᠦ᠂ ᠬᠦᠴᠢᠷ ᠵᠣᠪᠠᠭᠤᠷᠢ ᠶᠢ ᠣᠨᠴᠠᠭᠠᠢ ᠠᠮᠰᠠᠵᠤ ᠴᠢᠳᠠᠬᠤ᠂ ᠣᠨᠴᠠᠭᠠᠢ ᠪᠠᠶᠢᠯᠳᠤᠵᠤ ᠴᠢᠳᠠᠬᠤ᠂ ᠣᠨᠴᠠᠭᠠᠢ ᠵᠢᠳᠬᠦᠵᠦ ᠴᠢᠳᠠᠬᠤ︾ ᠳᠣᠲᠣᠭᠠᠳᠤ ᠶᠢ ᠬᠠᠮᠠᠭᠠᠯᠠᠬᠤ ᠵᠣᠷᠢᠭ  ᠰᠠᠨᠠᠭ᠎ᠠ  ᠶᠢ  ᠭᠦᠢᠴᠡᠳ  ᠪᠠᠳᠠᠷᠠᠭᠤᠯᠵᠤ᠂ ᠯᠠᠪᠳᠠᠭᠤᠨ ᠲᠣᠭᠲᠠᠭᠤᠨ᠂ ᠨᠢᠭᠲᠠ ᠬᠠᠮᠵᠢᠯᠴᠠᠵᠤ᠂ ᠢᠷᠠᠭᠤ ᠠᠯᠳᠠᠷ ᠤᠨ ᠲᠥᠯᠥᠭᠡ ᠲᠡᠮᠡᠴᠡᠵᠦ᠂ ᠥᠪᠡᠷ ᠤᠨ ᠬᠠᠮᠤᠭ ᠶᠡᠭᠡ ᠬᠦᠴᠦᠨ ᠢᠶᠠᠨ ᠰᠢᠪᠬᠠᠨ ᠲᠤᠰ ᠤᠳᠠᠭ᠎ᠠ ᠶᠢᠨ ᠮᠥᠷᠦ᠋ᠢᠴᠡᠭᠡᠨ ᠤ ᠪᠦᠬᠦ ᠬᠢᠴᠢᠶᠡᠯ ᠲᠦᠷᠦᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
微信图片_20240424173611.jpg
    ᠤᠷᠤᠯᠳᠤᠭᠠᠨ ᠤ ᠠᠭᠤᠷ ᠠᠮᠢᠰᠬᠤᠯ ᠨᠢ ᠠᠷᠠᠳ ᠤᠨ ᠴᠠᠭᠳᠠᠭ᠎ᠠ ᠶᠢᠨ ᠵᠣᠷᠢᠭᠲᠠᠶ ᠪᠠᠷ ᠡᠷᠡᠯᠬᠡᠭᠯᠡᠨ ᠲᠡᠮᠡᠴᠡᠬᠦ᠂ ᠵᠣᠷᠢᠭᠲᠠᠶ ᠪᠠᠷ ᠳᠠᠪᠠᠵᠤ ᠭᠠᠷᠬᠤ ᠡᠭᠦᠷᠭᠡᠲᠦ ᠰᠡᠳᠬᠢᠯᠭᠡ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠬᠥᠭᠵᠢᠭᠡᠵᠦ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠬᠠᠪᠰᠤᠷᠬᠤ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠩᠨᠡᠭᠡ ᠶᠢᠨ ᠬᠡᠵᠢᠶ᠎ᠡ ᠴᠦ ᠭᠡᠰᠡᠨ ᠪᠡᠯᠡᠳᠬᠡᠯ ᠲᠠᠢ᠂ ᠰᠢᠪᠲᠤᠯᠤᠨ ᠭᠠᠷᠴᠤ ᠳᠡᠶᠢᠯᠬᠦ᠂ ᠪᠠᠶᠢᠯᠳᠤᠭᠠᠨ ᠳᠤ ᠢᠯᠠᠵᠤ ᠳᠡᠶᠢᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠤᠳᠠᠭᠠᠨ ᠤ ᠰᠤᠷᠭᠠᠭᠴᠢ ᠶᠢᠨ ᠮᠥᠷᠦ᠋ᠢᠴᠡᠭᠡᠨ ᠢᠶᠠᠷ ᠠᠵᠠ ᠲᠣᠬᠢᠶᠠᠯ ᠪᠣᠯᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠴᠡᠷᠢᠭ ᠤᠨ ᠪᠣᠯᠪᠠᠰᠤᠷᠠᠯ ᠤᠨ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠭᠴᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠰᠤᠷᠭᠠᠭᠴᠢ ᠶᠢᠨ ᠡᠩᠨᠡᠭᠡᠨ ᠤ ᠪᠣᠳᠠᠲᠤ ᠬᠦᠴᠦᠨ ᠢ ᠳᠡᠭᠡᠭᠰᠢᠯᠡᠭᠦᠯᠵᠦ᠂︽ᠠᠮᠤᠷ ᠠᠮᠤᠭᠤᠯᠠᠩ ᠬᠡᠰᠢᠭᠲᠡᠨ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ