ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠪᠠᠶᠢᠭᠤᠯᠵᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/15
    ᠤᠢᠢᠷ᠎ᠠ ᠶᠢᠨ ᠬᠤᠭᠤᠴᠠᠭᠠᠨ ᠳᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤᠨ ᠤ ᠪᠠᠶ᠋ᠬᠤᠪᠤᠭ᠎ᠠ ᠶᠢᠨ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ︽ᠨᠠᠮ ᠤᠨ ᠲᠤᠬ ᠢ ᠡᠯᠡᠰᠦᠷᠬᠡᠭ ᠭᠠᠵᠠᠷ ᠲᠤ ᠥᠨᠳᠥᠷ ᠨᠠᠮᠢᠷᠠᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ︾ ᠠᠵᠢᠯᠯᠠᠭ᠎ᠠ ᠥᠷᠨᠢᠭᠦᠯᠵᠦ᠂ ᠥᠪᠡᠷ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠵᠤ᠂ ᠪᠦᠬᠦ ᠶᠠᠪᠤᠴᠠ ᠳᠤ ᠪᠦᠬᠦ ᠲᠠᠯ᠎ᠠ ᠪᠠᠷ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠳᠤ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠡ᠃
webwxgetmsgimg (1).jpg
      ᠣᠶᠢᠵᠢᠭᠤᠯᠵᠤ ᠨᠣᠭᠤᠭᠠᠷᠠᠭᠤᠯᠬᠤ ᠪᠣᠯ ᠤᠳᠤ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ᠂ ᠦᠷ᠎ᠡ ᠬᠤᠶᠢᠴᠢᠰ ᠲᠤ ᠪᠠᠨ ᠠᠰᠢᠭ ᠬᠦᠷᠲᠡᠭᠡᠬᠦ ᠶᠡᠭᠡ ᠶᠠᠪᠤᠳᠠᠯ ᠮᠥᠨ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠡᠬᠡ ᠪᠠᠶᠢᠭᠠᠯᠢ ᠶᠢ ᠬᠠᠶᠢᠷᠠᠯᠠᠵᠤ ᠬᠠᠮᠠᠭᠠᠯᠠᠬᠤ ᠶᠢ ᠤᠷᠢᠶᠠᠯᠠᠪᠠ᠃
webwxgetmsgimg (2).jpg
      ᠳᠠᠷᠠᠭᠠᠴᠢ ᠶᠢᠨ ᠠᠯᠬᠤᠮ ᠳᠤ᠂ ᠪᠠᠶ᠋ᠬᠤᠪᠤᠭ᠎ᠠ ᠶᠢᠨ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠦᠷᠭᠦᠯᠵᠢᠯᠡᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠰᠢᠨ᠎ᠡ ᠠᠶᠠᠨ ᠤ ᠢᠯᠠᠯᠲᠠ ᠶᠢ ᠤᠯᠬᠤ ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ