ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽5.15︾ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
      5 ᠰᠠᠷ᠎ᠠ ᠶᠢᠨ 15 ᠤ ᠦᠳᠡ ᠶᠢᠨ ᠡᠮᠦᠨᠡᠬᠢ 9 ᠴᠠᠭ ᠲᠤ᠂ ᠦᠬᠠᠢ ᠶᠢᠨ ᠸᠠᠨ ᠳ᠋ᠠ ᠠᠭᠤᠳᠠᠮ ᠲᠠᠯᠠᠪᠠᠢ ᠶᠢᠨ ᠡᠮᠦᠨ᠎ᠡ ᠡᠭᠦᠳᠡᠨ ᠳᠤ ᠬᠡᠩᠭᠡᠷᠭᠡ ᠴᠠᠩ ᠳᠤᠤᠭᠠᠷᠭᠠᠵᠤ᠂ ᠬᠦᠬᠡ ᠴᠠᠭᠠᠨ ᠠᠯᠠᠭᠯᠠᠭᠰᠠᠨ ᠴᠠᠭᠳᠠᠭ᠎ᠠ ᠶᠢᠨ ᠠᠷᠰᠯᠠᠨ ᠰᠦᠷ ᠵᠢᠪᠬᠤᠭ᠎ᠠ ᠲᠠᠢ ᠪᠠᠷ ᠲᠣᠯᠣᠭᠠᠢ ᠰᠡᠭᠰᠦᠷᠦᠨ ᠦᠰᠦᠷᠴᠦ ᠬᠠᠷᠠᠶᠢᠵᠤ᠂ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠪᠠ᠃ ᠬᠤᠣᠰ ᠠᠷᠰᠯᠠᠨ ᠤ ᠥᠨᠳᠥᠷ ᠦᠰᠦᠷᠬᠦ ᠶᠢ ᠳᠠᠭᠠᠯᠳᠤᠨ᠂ ᠠᠷᠰᠯᠠᠨ ᠤ ᠠᠮᠠᠨ ᠠᠴᠠ ︽ᠠᠷᠠᠳ ᠲᠦᠮᠡᠨ ᠲᠠᠢ ᠰᠡᠳᠬᠢᠯ ᠢᠶᠠᠨ ᠨᠢᠭᠡᠳᠬᠡᠵᠦ᠂ ᠲᠠᠨ ᠢ ᠰᠠᠬᠢᠨ ᠬᠠᠮᠠᠭᠠᠯᠠᠶ᠎ᠠ︾ ᠭᠡᠬᠦ ᠬᠡᠳᠦᠨ ᠲᠤᠮᠤ ᠦᠰᠦᠭ ᠳᠡᠯᠭᠡᠭᠳᠡᠬᠦ ᠶᠢ ᠳᠠᠭᠠᠯᠳᠤᠨ᠂ ᠦᠬᠠᠢ ᠬᠤᠳᠠ ᠶᠢᠨ ︽5.15︾ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠬᠥᠰᠢᠭᠡ ᠶᠢ ᠵᠢᠩᠬᠢᠨᠢ ᠪᠠᠷ ᠰᠡᠬᠦᠪᠡ᠃
DSC_6788.JPG
     ᠲᠣᠰ ᠤᠳᠠᠭᠠᠨ ᠤ ᠠᠵᠢᠯᠯᠠᠭ᠎ᠠ ᠶᠢ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠦᠬᠠᠶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠬᠠᠶ ᠬᠤᠲᠠ ᠶᠢᠨ ᠬᠤᠪᠢᠶᠠᠷᠢ ᠪᠠᠩᠬᠢ ᠬᠠᠮᠲᠤᠷᠠᠨ ᠡᠷᠭᠢᠯᠡᠵᠦ᠂ ᠦᠬᠠᠶ ᠶᠢᠨ ᠸᠠᠨ ᠳ᠋ᠠ ᠠᠭᠤᠳᠠᠮ ᠲᠠᠯᠠᠪᠠᠶ ᠬᠠᠮᠵᠢᠯᠴᠠᠨ ᠡᠷᠭᠢᠯᠡᠪᠡ᠃ ᠠᠷᠰᠯᠠᠨ ᠲᠣᠭᠯᠠᠬᠤ ᠠᠴᠠ ᠭᠠᠳᠠᠨ᠎ᠠ ᠪᠠᠰᠠ ︽ᠰᠡᠷᠭᠡᠶᠢᠯᠡᠯᠲᠡ ᠶᠢᠨ ᠣᠳᠣᠨ ᠪᠣᠯᠬᠤ ᠪᠠᠷ ᠴᠢᠷᠮᠠᠶᠢᠬᠤ︾ ᠱᠠᠩᠨᠠᠯᠲᠤ ᠠᠰᠠᠭᠤᠯᠲᠠ ᠬᠠᠷᠢᠭᠤᠯᠲᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠵᠡᠷᠭᠡ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠨᠢᠭᠡᠴᠢ ᠶᠢᠨ ᠬᠢᠨ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠦᠨ᠂ ᠬᠤᠲᠠ ᠶᠢᠨ ᠠᠷᠠᠳ ᠤᠨ ᠡᠷᠡᠭᠡᠯᠵᠡᠭᠡ ᠶᠢ ᠨᠢ ᠳᠡᠶᠢᠯᠵᠦ ᠲᠥᠭᠡᠷᠢᠭᠳᠡᠯ ᠢ ᠨᠢ ᠬᠠᠷᠢᠭᠤᠯᠵᠠᠶ᠃ ᠠᠷᠠᠳ ᠤᠨ ᠴᠠᠭᠳᠠᠭ᠎ᠠ ᠨᠠᠷ ᠴᠠᠬᠢᠯᠭᠠᠨ ᠬᠤᠯᠪᠣᠭᠠᠨ ᠤ ᠮᠡᠬᠡᠯᠡᠯ ᠢ ᠬᠡᠷᠬᠢᠨ ᠰᠡᠷᠭᠡᠶᠢᠯᠡᠬᠦ ᠵᠡᠷᠭᠡ ᠲᠠᠯ᠎ᠠ ᠪᠠᠷ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠲᠠᠢ ᠬᠠᠯᠠᠭᠤᠨ ᠬᠠᠷᠢᠯᠴᠠᠭᠠᠨ ᠤ ᠠᠵᠢᠯᠯᠠᠭ᠎ᠠ ᠶᠠᠪᠤᠭᠳᠠᠭᠤᠯᠵᠤ᠂ ᠪᠣᠷᠣᠭᠠᠨ ᠤ ᠰᠢᠬᠦᠷ᠂ ᠴᠠᠭᠠᠰᠤ᠂ ᠳᠡᠪᠢᠭᠦᠷ ᠵᠡᠷᠭᠡ ᠨᠠᠷᠢᠯᠢᠭ ᠰᠠᠶᠢᠬᠠᠨ ᠪᠡᠯᠡᠭ ᠤᠨ ᠵᠦᠢᠯ ᠤᠳ ᠢ ᠪᠡᠯᠭᠡᠯᠡᠬᠦ ᠶᠢᠨ ᠳᠠᠭᠠᠤ ᠳᠤ ᠪᠣᠳᠠᠲᠤ ᠠᠴᠢ ᠲᠤᠰᠠ ᠶᠢ ᠬᠤᠲᠠ ᠶᠢᠨ ᠠᠷᠠᠳ ᠲᠤ ᠬᠦᠷᠭᠡᠪᠡ᠃
DSC_6879.JPG
DSC_6820.JPG
     2024 ᠣᠨ ᠤ 5 ᠰᠠᠷ᠎ᠠ ᠶᠢᠨ 15 ᠤ ᠡᠳᠦᠷ ᠪᠣᠯ ᠠᠷᠪᠠᠨ ᠲᠠᠪᠤᠳᠤᠭᠠᠷ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠣᠯᠤᠨ᠎ᠠ᠂ ᠮᠥᠨ ᠴᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠤᠨ᠎ᠠ᠃ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠦᠷᠭᠦᠯᠵᠢᠯᠡᠨ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠲᠦᠷᠦᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠪᠦᠬᠦ ᠬᠦᠴᠦᠨ ᠢᠶᠠᠷ ᠢᠶᠠᠨ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠨ᠂ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠤᠯᠠᠨ ᠲᠦᠮᠡᠨ ᠤ ︽ᠵᠣᠭᠤᠰᠣᠨ ᠴᠥᠩᠬᠦ︾ ᠶᠢ ᠰᠠᠬᠢᠨ ᠬᠠᠮᠠᠭᠠᠯᠠᠨ᠎ᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ