ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ | ᠪᠣᠯᠤᠨ ᠦᠬᠠᠢ ᠨᠢᠰᠬᠡᠯ ᠤᠨ ᠪᠠᠭᠤᠳᠠᠯ ᠤᠨ ᠨᠠᠮ ᠤᠨ ᠬᠤᠷᠢᠶ᠎ᠠ ︽ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠤᠨ | ᠪᠢᠴᠢᠭ︾ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠭᠤᠣᠯ ᠰᠡᠳᠦᠪᠲᠦ | ᠠᠵᠢᠯᠯᠠᠭ᠎ᠠ᠂ ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠵᠡᠷᠭᠡ ᠤᠯᠠᠨ ᠲᠠᠯ᠎ᠠ ᠠᠴᠠ ᠨᠠᠮ ᠤᠨ ᠪᠠᠶᠢᠭᠤᠯᠤᠯᠲᠠ ᠶᠢᠨ | ᠬᠠᠮᠲᠤᠷᠠᠯᠴᠠᠭ᠎ᠠ ᠶᠢ ᠥᠷᠨᠢᠭᠦᠯᠪᠡ᠃ | | | | ᠣᠶᠢᠷ᠎ᠠ ᠳᠤ᠂ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ ᠪᠣᠯᠤᠨ ᠨᠢᠰᠬᠡᠯ ᠤᠨ ᠪᠠᠭᠤᠳᠠᠯ ᠤᠨ ᠨᠠᠮ ᠤᠨ ᠬᠤᠷᠢᠶ᠎ᠠ | ᠬᠠᠮᠲᠤᠷᠠᠨ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠪᠣᠳᠠᠲᠤ ᠪᠠᠶᠢᠯᠳᠤᠭᠠᠨ ᠤ ᠴᠡᠷᠢᠭ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ 40 ᠭᠠᠷᠤᠶ | ᠨᠠᠮ ᠤᠨ ᠭᠡᠰᠢᠭᠦᠨ ᠺᠠᠳ᠋ᠷ ᠣᠷᠣᠯᠴᠠᠵᠠᠶ᠃ ᠠᠵᠢᠯᠯᠠᠭ᠎ᠠ ᠶᠢᠨ ᠳᠤᠮᠳᠠ᠂ ᠨᠢᠰᠬᠡᠯ ᠤᠨ ᠪᠠᠭᠤᠳᠠᠯ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ | ᠨᠢᠰᠬᠡᠯ ᠤᠨ ᠪᠠᠭᠤᠳᠠᠯ ᠤᠨ ᠠᠮᠤᠷ ᠢ ᠬᠠᠮᠠᠭᠠᠯᠠᠬᠤ ᠠᠵᠢᠯ ᠤᠨ ᠰᠢᠢᠳᠪᠦᠷᠢᠯᠡᠬᠦ ᠵᠢᠷᠤᠮ ᠵᠢᠴᠢ ᠠᠷᠭ᠎ᠠ᠂ ᠲᠦᠷ ᠴᠠᠭ ᠤᠨ ᠨᠢᠰᠬᠡᠯ ᠳᠤ ᠭᠠᠷᠤᠭᠰᠠᠨ ᠭᠡᠷᠡᠴᠢ ᠵᠡᠷᠭᠡ | ᠲᠤᠬᠠᠶᠢᠯᠠᠭᠰᠠᠨ ᠠᠵᠢᠯ ᠢ ᠣᠯᠠᠨ ᠳᠤ ᠨᠠᠷᠢᠨ ᠲᠠᠶᠢᠯᠪᠤᠷᠢᠯᠠᠵᠤ ᠥᠭᠴᠡᠶ᠃ ᠠᠵᠢᠯᠯᠠᠭ᠎ᠠ ᠳᠤ ᠣᠷᠣᠯᠴᠠᠭᠰᠠᠨ ᠪᠦᠬᠦ ᠨᠠᠮ ᠤᠨ ᠭᠡᠰᠢᠭᠦᠨ ᠺᠠᠳ᠋ᠷᠴᠤᠳ ᠪᠠᠰᠠ 3000 | ᠮᠧᠲᠷ ᠤᠨ ᠬᠤᠯᠠ ᠭᠦᠶᠦᠯᠲᠡ ᠶᠢᠨ ᠪᠣᠯᠪᠠᠰᠤᠷᠠᠯ ᠬᠢᠵᠦ᠂ ᠬᠤᠪᠢᠶᠠᠷᠢ ᠲᠣᠪᠴᠢᠶ᠎ᠠ ᠶᠢᠨ 12 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠪᠣᠯᠤᠨ | ᠲᠠᠯᠠᠪᠤᠷ ᠲᠤ ᠰᠠᠭᠤᠭ᠎ᠠ ᠨᠢᠭᠡᠴᠢ ᠶᠢᠨ ᠡᠯ᠎ᠡ ᠰᠠᠯᠠᠭ᠎ᠠ ᠴᠡᠷᠢᠭ ᠠᠩᠭᠢ ᠶᠢᠨ ᠲᠠᠮᠢᠷᠴᠢᠳ ᠬᠦᠴᠦ ᠲᠠᠮᠢᠷ ᠪᠠ ᠰᠥᠰᠥ ᠵᠣᠷᠢᠭ ᠤᠨ ᠦᠵᠡᠯᠴᠡᠭᠡᠨ ᠬᠢᠪᠡ᠃ | | | | ᠲᠤᠰ ᠤᠳᠠᠭᠠᠨ ᠤ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠦᠢᠯᠡᠳᠦᠯᠭᠡ ᠶᠢᠨ | ᠠᠭᠤᠯᠭ᠎ᠠ ᠶᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠬᠤᠶᠠᠷ ᠲᠠᠯ᠎ᠠ ᠶᠢᠨ ᠣᠶᠢᠯᠠᠭᠠᠯᠴᠠᠭ᠎ᠠ ᠪᠠ ᠢᠲᠡᠭᠡᠯᠴᠡᠭᠡ ᠶᠢ ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠪᠠᠷ | ᠲᠤᠬᠠᠶᠢᠯᠠᠭᠰᠠᠨ ᠠᠵᠢᠯ ᠢᠶᠠᠨ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠠᠮᠤᠷ ᠲᠦᠪᠰᠢᠨ ᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ | ᠠᠬᠢᠭᠤᠯᠬᠤ ᠵᠣᠷᠢᠯᠭ᠎ᠠ ᠳᠤ ᠬᠦᠷᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠬᠤᠪᠢᠶᠠᠷᠢ ᠲᠣᠪᠴᠢᠶ᠎ᠠ ᠦᠷᠭᠦᠯᠵᠢᠯᠡᠨ ᠬᠤᠯᠪᠣᠭᠳᠠᠯ ᠪᠦᠬᠦᠢ ᠨᠢᠭᠡᠴᠢ ᠲᠠᠢ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠢ ᠭᠦᠨᠵᠡᠭᠡᠢ ᠣᠷᠭᠠᠨᠢᠭ ᠢᠶᠠᠷ ᠠᠭᠤᠰᠤᠯᠴᠠᠭᠤᠯᠤᠨ᠎ᠠ᠃ | |