ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠣᠷᠲᠤ ᠡᠳ᠋ ᠤᠨ ᠤᠷᠭᠤᠮᠠᠯ ᠢ ᠲᠠᠷᠢᠬᠤ ᠶᠢ ᠴᠠᠭᠠᠵᠠᠯᠠᠬᠤ ᠪᠠ ᠠᠷᠢᠯᠭᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠪᠠ
ᠨᠡᠶᠢᠲᠡᠯᠡᠭᠰᠡᠨ ᠴᠠᠭ᠄
2024/5/18
      ᠣᠷᠴᠢᠮᠬᠠᠨ ᠳᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶᠠᠨ ᠤ ᠬᠤᠣᠷ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠥᠳᠡᠭᠡ ᠲᠣᠰᠬᠤᠨ ᠳᠤ ᠭᠦᠨᠵᠡᠭᠡᠶᠢᠷᠡᠨ ᠬᠤᠣᠷᠲᠤ ᠡᠳ᠋ ᠤᠨ ᠤᠷᠭᠤᠮᠠᠯ ᠲᠠᠷᠢᠵᠤ ᠤᠷᠠᠭᠤᠯᠬᠤ ᠪᠠᠶᠢᠳᠠᠯ ᠳᠤ ᠪᠠᠶᠢᠴᠠᠭᠠᠯᠲᠠ ᠬᠢᠪᠡ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠲᠠᠷᠢᠶᠠᠨ ᠭᠠᠵᠠᠷ᠂ ᠢᠳᠡᠰᠢᠨ ᠨᠣᠭᠤᠭ᠎ᠠ ᠶᠢᠨ ᠬᠦᠷᠢᠶᠡᠯᠡᠩ᠂ ᠰᠤᠯᠠ ᠪᠠᠶᠢᠬᠤ ᠠᠲᠠᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠥᠨᠴᠥᠭ ᠪᠤᠯᠤᠩ ᠢ ᠦᠯᠡᠳᠡᠭᠡᠯ ᠦᠭᠡᠢ ᠪᠠᠶᠢᠴᠠᠭᠠᠯᠲᠠ ᠬᠢᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠰᠠᠭᠤᠷᠢ ᠴᠤ ᠠᠯᠳᠠᠵᠤ ᠭᠠᠷᠭᠠᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ︾ ᠪᠠᠶᠢᠬᠤ ᠶᠢ ᠪᠡᠶᠡᠯᠡᠭᠦᠯᠵᠦ᠂ ᠬᠤᠤᠷᠲᠤ ᠡᠳ᠋ ᠤᠨ ᠤᠷᠭᠤᠮᠠᠯ ᠢ ︽ᠳᠠᠷᠢᠬᠤ ᠥᠬᠡᠶ︾ ︽ᠤᠨᠠᠯᠲᠠ ᠥᠬᠡᠶ︾ ᠪᠠᠶᠢᠯᠭᠠᠬᠤ ᠶᠢ ᠦᠨᠡᠨ ᠬᠦ ᠪᠠᠲᠤᠯᠠᠪᠠ᠃      ᠡᠨᠡ ᠬᠤᠭᠤᠴᠠᠭᠠᠨ ᠳᠤ᠂ ᠠᠷᠠᠳ ᠤᠨ ᠴᠠᠭᠳᠠᠭ᠎ᠠ ᠣᠯᠠᠨ ᠲᠦᠮᠡᠨ ᠳᠤ ᠡᠯ᠎ᠡ ᠲᠥᠷᠥᠯ ᠤᠨ ᠬᠤᠤᠷᠲᠤ ᠡᠳ᠋ ᠤᠨ ᠤᠤᠯ ᠲᠠᠷᠢᠮᠠᠯ ᠤᠨ ᠥᠰᠥᠯᠲᠡ ᠶᠢᠨ ᠣᠨᠴᠠᠯᠢᠭ ᠪᠠ ᠢᠯᠭᠠᠨ ᠲᠠᠨᠢᠬᠤ ᠠᠷᠭ᠎ᠠ ᠶᠢ ᠨᠠᠷᠢᠨ ᠲᠠᠨᠢᠯᠴᠠᠭᠤᠯᠵᠤ᠂ ᠬᠤᠣᠷᠲᠤ ᠡᠳ᠋ ᠤᠨ ᠤᠷᠭᠤᠮᠠᠯ ᠢ ᠲᠠᠷᠢᠬᠤ ᠶᠢ ᠴᠠᠭᠠᠵᠠᠯᠠᠬᠤ ᠪᠠ ᠠᠷᠢᠯᠭᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠤᠷᠲᠤ ᠡᠳ᠋ ᠤᠨ ᠲᠠᠷᠢᠮᠠᠯ ᠢ ᠬᠠᠤᠯᠢ ᠪᠤᠰᠤ ᠪᠠᠷ ᠳᠠᠷᠢᠬᠤ ᠳᠤ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠬᠤᠤᠷᠲᠤ ᠡᠳ᠋ ᠤᠨ ᠤᠤᠯ ᠤᠷᠭᠤᠮᠠᠯ ᠢ ᠳᠠᠷᠢᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠪᠠ᠃
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ