ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠲᠣᠨᠤᠭ ᠲᠥᠬᠦᠭᠡᠷᠦᠮᠵᠢ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/21
      ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠣᠲᠣᠭᠠᠳᠤ ᠶᠢ  ᠬᠠᠮᠠᠭᠠᠯᠠᠬᠤ  ᠡᠩᠨᠡᠭᠡ  ᠶᠢᠨ  ᠨᠢᠭᠲᠠᠷᠠᠯ  ᠤᠨ ᠬᠦᠴᠦᠨ᠂ ᠲᠥᠪᠯᠡᠩᠭᠦᠶ ᠬᠦᠴᠦᠨ᠂ ᠳᠠᠶᠢᠴᠢᠨ ᠬᠦᠴᠦᠨ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠲᠣᠨᠤᠭ ᠲᠥᠬᠦᠭᠡᠷᠦᠮᠵᠢ ᠲᠠᠷᠬᠠᠭᠠᠬᠤ ᠶᠣᠰᠣᠯᠠᠯ ᠶᠠᠪᠤᠭᠤᠯᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ᠂ ᠡᠯ᠎ᠡ ᠬᠤᠪᠢᠶᠠᠷᠢ ᠲᠣᠪᠴᠢᠶ᠎ᠠ᠂ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠰᠠᠯᠪᠤᠷᠢ ᠠᠩᠭᠢ᠂ ᠬᠤᠣᠷ ᠴᠠᠭᠠᠵᠠᠯᠠᠬᠤ ᠰᠠᠯᠪᠤᠷᠢ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠲᠠᠷᠬᠠᠭᠠᠬᠤ ᠶᠣᠰᠣᠯᠠᠯ ᠳᠤ ᠣᠷᠣᠯᠴᠠᠪᠠ᠃
_H9A9883.JPG
     ᠲᠣᠰ ᠤᠳᠠᠭᠠᠨ ᠤ ᠴᠠᠭᠳᠠᠭᠠᠨ ᠤ ᠲᠣᠨᠤᠭ ᠲᠥᠬᠦᠭᠡᠷᠦᠮᠵᠢ ᠶᠢᠨ ᠲᠠᠷᠬᠠᠭᠠᠯᠲᠠ ᠶᠢᠨ ᠶᠣᠰᠣᠯᠠᠯ ᠳᠤ ᠡᠯ᠎ᠡ ᠬᠤᠪᠢᠶᠠᠷᠢ ᠲᠣᠪᠴᠢᠶ᠎ᠠ᠂ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠰᠠᠯᠪᠤᠷᠢ ᠠᠩᠭᠢ᠂ ᠬᠤᠤᠷ ᠴᠠᠭᠠᠵᠠᠯᠠᠬᠤ ᠰᠠᠯᠪᠤᠷᠢ ᠠᠩᠭᠢ ᠵᠡᠷᠭᠡ ᠬᠤᠯᠪᠣᠭᠳᠠᠯ ᠪᠥᠬᠦᠶ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠲᠤ ᠨᠢᠭᠡ ᠪᠦᠯᠦᠭ ᠰᠢᠨ᠎ᠡ ᠮᠠᠶ᠋ᠢᠭ ᠤᠨ ᠴᠠᠬᠢᠯᠭᠠᠨ ᠴᠠᠭᠳᠠᠭᠠᠨ ᠤ ᠪᠣᠷᠣᠤᠬᠠᠶ᠂ ᠴᠠᠬᠢᠯᠭᠠᠨ ᠳᠠᠭᠠᠷᠢᠯᠲᠠ ᠶᠢᠨ ᠫᠤᠤ ᠲᠦᠭᠡᠭᠡᠨ ᠥᠭᠴᠦ᠂ ᠦᠨᠳᠦᠰᠦᠨ ᠱᠠᠲᠤᠨ ᠤ ᠰᠤᠳᠤᠯᠭᠠᠨ ᠤ ᠭᠠᠵᠠᠷ ᠤᠨ ᠬᠠᠲᠠᠭᠤ ᠲᠣᠨᠣᠭᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠪᠠ ᠡᠭᠦᠷᠭᠡ ᠭᠦᠢᠴᠡᠳᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃
微信图片_20240509113106.jpg
     ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢᠳ ᠠᠴᠠ ᠲᠣᠰ ᠤᠳᠠᠭᠠᠨ ᠤ ᠲᠠᠷᠬᠠᠭᠠᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠮ ᠨᠢᠭᠡ ᠠᠯᠬᠤᠮ ᠴᠤᠭ ᠰᠦᠯᠳᠡ ᠪᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠪᠣᠳᠠᠲᠤ ᠲᠡᠶᠢᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠣᠨᠤᠭ ᠲᠥᠬᠦᠭᠡᠷᠦᠮᠵᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ  ᠦᠢᠯᠡᠴᠢᠯᠡᠨ᠎ᠡ ᠭᠡᠵᠦ ᠢᠯᠡᠳᠬᠡᠵᠡᠭᠡᠪᠡ᠃    
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ