ᠠᠤᠬᠠᠨ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠲᠤ ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠳᠡᠭᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/5/22
    ᠠᠤᠬᠠᠨ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠠᠴᠠ ᠠᠤᠬᠠᠨ ᠬᠤᠰᠢᠭᠤᠨ ᠤ ᠱᠦᠨ ᠰᠢᠶᠠᠩ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠺᠣᠮᠫᠠᠨᠢ 50 ᠭᠠᠷᠤᠶ ᠨᠡᠶᠢᠲᠡ ᠶᠢᠨ ᠮᠠᠰᠢᠨ ᠲᠡᠷᠭᠡ ᠶᠢ ᠨᠢ ᠦᠯᠡᠳᠡᠭᠡᠨ ᠬᠤᠴᠤᠷᠭᠠᠵᠤ ᠳᠠᠩᠰᠠᠯᠠᠬᠤ ᠲᠤᠬᠠᠶᠢᠯᠠᠭᠰᠠᠨ ᠠᠵᠢᠯ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠣᠰᠣᠭᠠᠷ᠂ ︽ᠣᠯᠠᠨ ᠲᠦᠮᠡᠨ ᠢ ᠳᠤᠲᠠᠭᠤ ᠭᠦᠶᠦᠯᠭᠡᠬᠦ︾ ᠵᠠᠷᠴᠢᠮ ᠶᠣᠰᠣᠭᠠᠷ᠂ ᠠᠵᠤ ᠠᠬᠤᠶᠢᠯᠠᠯ ᠳᠤ ᠠᠰᠢᠭ ᠬᠦᠷᠲᠡᠭᠡᠬᠦ ︽ᠰᠠᠭᠠᠳ ᠥᠬᠡᠶ ᠨᠡᠪᠲᠡᠷᠡᠬᠦ ᠵᠠᠮ︾ ᠢ ᠳᠠᠷᠦ᠋ᠢᠬᠠᠨ ᠨᠡᠭᠡᠭᠡᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠲᠤᠰᠬᠠᠶᠢᠯᠠᠨ ᠴᠤᠭᠯᠠᠭᠤᠯᠵᠤ ᠴᠠᠭ ᠨᠡᠮᠡᠵᠦ ᠠᠵᠢᠯᠯᠠᠭᠤᠯᠤᠨ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠬᠢᠯᠭᠡᠵᠦ᠂ ᠲᠡᠷᠭᠡ ᠬᠥᠰᠬᠡ ᠶᠢ ᠴᠠᠭ ᠲᠤᠬᠠᠶ ᠳᠤ ᠨᠢ ᠵᠠᠮ ᠳᠤ ᠶᠠᠪᠤᠭᠤᠯᠤᠨ ᠡᠵᠡᠩᠨᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠥᠨᠳᠥᠷ ᠪᠦᠲᠦᠮᠵᠢᠲᠡᠶ ᠬᠠᠯᠠᠭᠤᠮᠰᠤᠭ ᠠᠵᠤ ᠠᠬᠤᠶᠢᠯᠠᠯ ᠤᠨ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠳᠤ ᠠᠵᠤ ᠠᠬᠤᠶᠢᠯᠠᠯ ᠤᠨ ᠴᠠᠭ ᠢ ᠶᠡᠭᠡ ᠪᠠᠷ ᠠᠷᠪᠢᠯᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
 1.jpg 
2.jpg
    ᠲᠠᠷᠠᠭᠠᠴᠢ ᠶᠢᠨ ᠠᠯᠬᠤᠮ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠦᠷᠭᠦᠯᠵᠢᠯᠡᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠴᠣᠩᠬᠤᠪᠴᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠢᠲᠡᠭᠡᠯ ᠢ ᠵᠣᠷᠢᠭᠵᠢᠭᠤᠯᠬᠤ ᠶᠢᠨ ᠬᠠᠮᠲᠤ ᠪᠣᠳᠠᠲᠤ ᠠᠵᠢᠯᠯᠠᠭ᠎ᠠ ᠪᠣᠯᠭᠠᠵᠤ᠂ ᠲᠤᠬᠠᠶᠢᠯᠠᠭᠰᠠᠨ ᠠᠵᠢᠯ ᠢᠶᠠᠨ ᠲᠠᠰᠤᠷᠠᠯᠲᠠ ᠥᠬᠡᠶ ᠰᠠᠶᠢᠲᠤᠷ ᠬᠢᠵᠦ᠂ ᠣᠯᠠᠨ ᠲᠦᠮᠡᠨ ᠤ ᠰᠡᠳᠬᠢᠯ ᠢ ᠲᠠᠶᠢᠪᠤᠰᠢᠷᠠᠭᠤᠯᠬᠤ ᠦᠢᠯᠡᠴᠢᠯᠡᠭᠡ ᠶᠢ ᠨᠡᠩ ᠥᠷᠭᠡᠨ ᠢᠶᠠᠷ ᠬᠠᠩᠭᠠᠵᠤ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠰᠢᠨᠡᠴᠢᠯᠡᠵᠦ᠂ ᠬᠠᠷᠢᠶ᠎ᠠ ᠣᠷᠣᠨ ᠳᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠳᠠᠯᠳᠤᠭ᠎ᠠ ᠡᠷᠭᠢᠯᠡᠬᠦ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ