ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠬᠡᠷᠡᠶᠢᠳ ᠢ ᠲᠤᠷᠰᠢᠨ ᠪᠠᠶᠢᠴᠠᠭᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠷᠢᠬᠢᠨ ᠤ ᠵᠦᠢᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
   4 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠦ᠋ ᠯᠢᠶᠠᠩ ᠶᠧ᠂ ᠵᠢᠶᠠᠨ ᠨᠠᠨ ᠴᠦᠨ᠂ ᠶᠠᠩ ᠾᠧ ᠠᠷᠢᠬᠢᠨ ᠤ ᠦᠢᠯᠡᠳᠪᠦᠷᠢ ᠶᠢᠨ ︽ᠬᠤᠳᠠᠯ ᠬᠠᠭᠤᠷᠮᠠᠭ ᠲᠤ ᠴᠣᠬᠢᠯᠲᠠ ᠥᠭᠬᠦ ᠠᠯᠪᠠᠨ ᠬᠡᠷ︾ ᠢ ᠤᠷᠢᠵᠤ᠂ ᠬᠠᠷᠢᠶ᠎ᠠ ᠣᠷᠣᠨ ᠳᠤ ᠠᠷᠢᠬᠢᠨ ᠤ ᠵᠦᠢᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃
图片_0880802010869a810f.jpg  
    ᠲᠣᠰ ᠤᠳᠠᠭᠠᠨ ᠤ ᠠᠵᠢᠯᠯᠠᠭ᠎ᠠ ᠶᠢ ᠺᠦᠨᠯᠦ᠋ᠨ 2024 ᠲᠠᠢ ᠤᠶᠠᠯᠳᠤᠭᠤᠯᠵᠤ᠂ ᠦ᠋ ᠯᠢᠶᠠᠩ ᠶᠧ᠂ ᠵᠢᠶᠠᠨ ᠨᠠᠨ ᠴᠦᠨ᠂ ᠶᠠᠩ ᠾᠧ ᠪᠥᠭᠡᠮ ᠢᠶᠠᠷ ᠬᠤᠳᠠᠯᠳᠤᠬᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠲᠤᠰᠬᠠᠶ ᠡᠵᠡᠩᠨᠡᠯᠲᠡ ᠶᠢᠨ ᠳᠡᠯᠭᠡᠭᠦᠷ᠂ ᠬᠡᠯᠬᠢᠶ᠎ᠡ ᠡᠵᠡᠩᠨᠡᠯᠲᠡ ᠶᠢᠨ ᠠᠵᠤ ᠠᠬᠤᠶᠢᠯᠠᠯ ᠢᠶᠠᠷ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠠᠷᠢᠬᠢᠨ ᠤ ᠵᠦᠢᠯ ᠡᠵᠡᠩᠨᠡᠭᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠥᠬᠡᠶ᠂ ᠨᠠᠷᠠᠲᠤ ᠠᠷᠢᠬᠢᠨ ᠤ ᠵᠦᠢᠯ ᠤᠨ ᠢᠳᠡᠭᠡᠨ ᠢ ᠬᠤᠳᠠᠯᠳᠤᠨ ᠠᠪᠴᠤ ᠪᠣᠷᠣᠯᠠᠭᠤᠯᠤᠭᠰᠠᠨ ᠡᠰᠡᠬᠦ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠨᠡᠶᠢᠲᠡᠯᠡᠭᠰᠡᠨ ᠡᠰᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠠᠷᠢᠬᠢᠨ ᠤ ᠵᠦᠢᠯ ᠤᠨ ᠲᠠᠸᠠᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠡᠵᠡᠩᠨᠡᠭᠴᠢᠳ ᠲᠤ ᠢᠳᠡᠪᠬᠢᠲᠡᠶ ᠪᠠᠷ ᠤᠬᠠᠭᠤᠯᠵᠤ᠂ ᠡᠯ᠎ᠡ ᠡᠵᠡᠩᠨᠡᠯᠲᠡ ᠶᠢᠨ ᠡᠷᠦᠬᠡ ᠶᠢ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠪᠡᠶᠡᠯᠡᠭᠦᠯᠬᠦ ᠬᠡᠷᠡᠭᠲᠡᠶ ᠭᠡᠪᠡ᠃
图片_0880802010869ae10e.jpg  
    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠮᠥᠷᠳᠡᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ 
ᠢᠷᠡᠯᠲᠡ᠄ ᠪᠤᠭᠤᠲᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ