ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠪᠦᠬᠦ ᠲᠠᠯ᠎ᠠ ᠪᠠᠷ ᠨᠠᠮ ᠢ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠠᠬᠢᠭᠤᠯᠤᠨ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠪᠠᠶᠢᠬᠤ ᠶᠢ ᠪᠠᠳᠤᠯᠠᠰᠤᠭᠠᠢ
ᠨᠡᠶᠢᠲᠡᠯᠡᠭᠰᠡᠨ ᠴᠠᠭ᠄
2024/5/22
    4 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 2024 ᠣᠨ ᠤ 12 ᠳ᠋ᠤᠭᠠᠷ ᠤᠳᠠᠭ᠎ᠠ ᠶᠢᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠬᠤᠷᠠᠯ ᠢ ᠡᠷᠭᠢᠯᠡᠭᠰᠡᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
微信图片_20240522165912.jpg
     ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠠᠴᠠ ᠵᠢᠭᠠᠵᠤ ᠭᠠᠷᠭᠠᠭᠰᠠᠨ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠠᠨᠠᠭᠠᠨ ᠳᠤ ᠪᠠᠨ ᠠᠪᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠠᠰᠠᠭᠤᠳᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠷᠢᠯᠢᠬᠵᠢᠭᠤᠯᠤᠭᠰᠠᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠴᠢᠩᠭ᠎ᠠ ᠪᠢᠰᠢ ᠵᠡᠷᠭᠡ ᠵᠢᠷᠭᠤᠭᠠᠨ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠲᠦᠷᠢᠮ ᠲᠣᠭᠲᠠᠭᠠᠯ ᠳᠠᠷᠠᠭᠠᠯᠠᠨ ᠰᠤᠷᠤᠯᠴᠠᠬᠤ ᠪᠠ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠭᠤᠯᠢᠯᠠᠯ ᠢᠶᠠᠷ ᠰᠤᠷᠤᠯᠴᠠᠯᠭ᠎ᠠ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠨᠡᠮᠡᠭᠳᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠷᠢᠨ ᠨᠢᠮᠪᠠᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠳᠤᠰ ᠱᠠᠳᠤ ᠪᠠᠨ ᠰᠠᠶᠢᠲᠤᠷ ᠠᠳᠬᠤᠬᠤ ᠬᠡᠷᠡᠭᠲᠡᠢ ᠪᠥᠭᠡᠳ ᠳᠤᠤᠷᠠᠳᠤ ᠱᠠᠳᠤ ᠪᠠᠨ ᠰᠠᠶᠢᠲᠤᠷ ᠵᠢᠯᠣᠭᠤᠳᠴᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠶᠢ ᠳᠠᠮᠵᠢᠭᠤᠯᠬᠤ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠪᠠ ᠵᠢᠷᠤᠮᠯᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠤ ᠪᠠᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠦᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ