ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠥᠬᠦ ᠬᠤᠲᠠ ᠶᠢᠨ ᠠᠩᠬᠠᠳᠠᠭᠴᠢ ᠬᠤᠭᠤᠴᠠᠭᠠᠨ ᠤ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠰᠤᠷᠭᠠᠭᠴᠢ ᠶᠢᠨ ᠶᠡᠭᠡ ᠮᠥᠷᠦ᠋ᠢᠴᠡᠭᠡᠨ ᠤ ᠪᠦᠯᠬᠦᠮ ᠤᠨ ᠭᠤᠷᠪᠠᠳᠤᠭᠠᠷ ᠲᠤ ᠣᠷᠣᠪᠠ
ᠨᠡᠶᠢᠲᠡᠯᠡᠭᠰᠡᠨ ᠴᠠᠭ᠄
2024/5/22
    4 ᠳ᠋ᠦ᠋ᠭᠡᠷ ᠰᠠᠷ᠎ᠠ ᠶᠢᠨ 22 ᠤᠨ ᠡᠳᠦᠷ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠩᠬᠠᠳᠤᠭᠠᠷ ᠬᠤᠭᠤᠴᠠᠭᠠᠨ ᠤ ᠴᠠᠭᠳᠠᠭᠠᠨ ᠤ ᠶᠠᠪᠤᠳᠠᠯ ᠤᠨ ᠰᠤᠷᠭᠠᠭᠴᠢ ᠶᠢᠨ ᠶᠡᠭᠡ ᠮᠦᠷᠦ᠋ᠢᠴᠡᠭᠡᠨ ᠨᠢ ᠲᠡᠭᠦᠰ ᠠᠮᠵᠢᠯᠲᠠ ᠲᠠᠢ ᠥᠨᠳᠥᠷᠯᠡᠪᠡ᠃
微信图片_20240425084021.jpg   
    ᠰᠤᠷᠭᠠᠭᠴᠢ ᠨᠠᠷ ᠰᠢᠷᠭᠠᠭᠤ ᠬᠠᠲᠠᠭᠤᠵᠢᠯᠲᠠᠶ ᠪᠠᠷ ᠲᠡᠮᠡᠴᠡᠵᠦ᠂ ᠳᠠᠶᠢᠨ ᠳᠤ ᠪᠡᠯᠡᠳᠬᠡᠬᠦ ᠬᠤᠭᠤᠴᠠᠭᠠᠨ ᠳᠤ᠂ ︽ᠤᠯᠤᠰ ᠲᠥᠷᠥ ᠶᠢ ᠡᠷᠬᠢᠮᠯᠡᠬᠦ᠂ ᠵᠣᠪᠠᠭᠤᠷᠢ ᠵᠦᠳᠡᠭᠦᠷᠢ ᠶᠢ ᠠᠮᠰᠠᠵᠤ ᠴᠢᠳᠠᠬᠤ᠂ ᠪᠠᠶᠢᠯᠳᠤᠵᠤ ᠴᠢᠳᠠᠬᠤ᠂ ᠬᠤᠪᠢ ᠨᠡᠮᠡᠷᠢ ᠦᠵᠡᠭᠦᠯᠵᠦ ᠳᠡᠶᠢᠯᠬᠦ︾ ᠳᠣᠲᠣᠭᠠᠳᠤ ᠶᠢ ᠬᠠᠮᠠᠭᠠᠯᠠᠬᠤ ᠵᠣᠷᠢᠭ ᠰᠠᠨᠠᠭ᠎ᠠ ᠶᠢ ᠭᠦᠢᠴᠡᠳ
ᠪᠠᠳᠠᠷᠠᠭᠤᠯᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠮᠥᠷᠦ᠋ᠢᠴᠡᠭᠡᠨ ᠳᠤ ᠣᠷᠤᠯᠴᠠᠬᠤ ᠪᠣᠯᠪᠠᠰᠤᠷᠠᠯ ᠢᠶᠠᠨ ᠴᠢᠩᠭᠠᠳᠬᠠᠪᠠ᠃微信图片_20240425084047.jpg  
    ᠢᠷᠠᠭᠤ ᠠᠯᠳᠠᠷ ᠤᠨ ᠲᠥᠯᠥᠭᠡ᠂ ᠬᠠᠷᠠᠯᠲᠠ ᠶᠢᠨ ᠲᠥᠯᠥᠭᠡ᠂ ᠬᠦᠰᠡᠯ ᠡᠷᠡᠮᠡᠯᠵᠡᠯ ᠤᠨ ᠲᠥᠯᠥᠭᠡ ᠳᠡᠮᠡᠴᠡᠨ᠎ᠡ᠃ ᠵᠡᠪᠰᠡᠭ ᠤᠨ ᠡᠷᠳᠡᠮ ᠤᠨ ᠮᠥᠷᠦ᠋ᠢᠴᠡᠭᠡᠨ ᠤ ᠲᠠᠯᠠᠪᠠᠢ ᠳᠤ᠂ ᠰᠤᠷᠭᠠᠭᠴᠢᠳ ᠲᠤᠰᠬᠠᠢ ᠮᠡᠷᠭᠡᠵᠢᠯ᠂ ᠬᠤᠷᠳᠤᠴᠠ᠂ ᠲᠡᠰᠪᠦᠷᠢ᠂ ᠪᠣᠯᠪᠠᠰᠤᠷᠠᠩᠭᠤᠶ ᠮᠡᠷᠭᠡᠵᠢᠯ ᠤᠨ ᠲᠦᠪᠰᠢᠨ ᠪᠣᠯᠤᠨ ᠬᠠᠲᠠᠭᠤ ᠰᠢᠷᠦᠭᠦᠨ ᠢ ᠠᠳᠠᠯᠢᠳᠬᠠᠵᠤ᠂ ᠵᠣᠷᠢᠭᠲᠠᠢ ᠪᠠᠶᠢᠯᠳᠤᠵᠤ᠂ ᠵᠣᠷᠢᠭᠲᠠᠢ ᠪᠠᠷ ᠲᠦᠷᠦᠭᠦᠯᠡᠵᠦ᠂ ᠲᠡᠳᠡᠨ ᠤ ᠮᠡᠷᠭᠡᠵᠢᠯ ᠨᠢ ᠴᠠᠭᠠᠷᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠬᠡᠳᠦ ᠬᠦᠴᠦᠷᠬᠡᠭ ᠪᠡᠶ᠎ᠡ ᠶᠢᠨ ᠬᠦᠴᠦᠨ᠂ ᠲᠡᠰᠪᠦᠷᠢ ᠳᠠᠭᠠᠭᠠᠴᠠ ᠪᠠ ᠰᠥᠰᠥ ᠵᠣᠷᠢᠭ ᠢᠶᠠᠷ ᠡᠴᠦᠰ ᠲᠤ ᠪᠠᠨ ᠮᠦᠷᠦᠶᠢᠴᠡᠭᠡᠨ ᠤ ᠠᠮᠵᠢᠯᠲᠠ ᠶᠢ ᠤᠯᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ