ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠦᠨ ᠤᠬᠠᠭᠤᠯᠤᠭᠰᠠᠨ ᠠᠴᠠ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠫᠤᠤ ᠵᠡᠪᠰᠡᠭ ᠰᠤᠮᠤ ᠳᠠᠷᠢ ᠪᠠᠨ ᠳᠡᠭᠡᠭᠰᠢ ᠲᠤᠰᠢᠶᠠᠪᠠ
ᠨᠡᠶᠢᠲᠡᠯᠡᠭᠰᠡᠨ ᠴᠠᠭ᠄
2024/5/22
   ᠠᠮᠤᠷ ᠠᠮᠤᠭᠤᠯᠠᠩ ᠰᠢᠨ᠎ᠡ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠬᠤ᠂ ᠬᠠᠷᠢᠶᠠᠲᠤ ᠣᠷᠣᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠬᠤ ᠶᠢᠨ ᠲᠥᠯᠥᠭᠡ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳ᠋ᠢᠩ ᠰᠢᠶᠠᠩ ᠲᠣᠮᠢᠯᠠᠭᠰᠠᠨ ᠰᠠᠯᠪᠤᠷᠢ ᠫᠤᠤ ᠰᠤᠮᠤ ᠳᠡᠯᠪᠡᠷᠡᠬᠦ ᠡᠳ᠋ ᠪᠣᠳᠠᠰ ᠲᠤ ᠬᠤᠯᠪᠤᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠬᠠᠮᠢᠶᠠᠷᠴᠤ ᠴᠢᠩᠭ᠎ᠠ ᠡᠵᠡᠮᠳᠡᠬᠦ ᠪᠠᠶᠢᠳᠠᠯ ᠢ ᠢᠮᠠᠭᠲᠠ ᠪᠠᠷᠢᠮᠲᠠᠯᠠᠵᠤ᠂ ︽ᠫᠤᠤ ᠵᠡᠪᠰᠡᠭ ᠢ ᠬᠤᠷᠢᠶᠠᠮᠵᠢᠯᠠᠵᠤ ᠳᠡᠯᠪᠡᠷᠡᠬᠦ ᠡᠳ᠋ ᠪᠤᠳᠠᠰ ᠢ ᠴᠡᠭᠴᠡᠯᠡᠨ ᠵᠠᠰᠠᠬᠤ︾ ᠤᠬᠠᠭᠤᠯᠭ᠎ᠠ ᠶᠢᠨ ᠠᠵᠢᠯ ᠢ ᠬᠦᠴᠦᠯᠡᠨ ᠴᠢᠩᠭᠠᠳᠬᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠵᠢᠯ ᠤᠨ ᠦᠷ᠎ᠡ ᠪᠦᠲᠦᠮᠵᠢ ᠤᠯᠪᠠ᠃
IMG_1781.jpg  
    ᠣᠶᠢᠷ᠎ᠠ ᠳᠤ᠂ ᠳ᠋ᠢᠩ ᠰᠢᠶᠠᠩ ᠲᠣᠮᠢᠯᠠᠭᠰᠠᠨ ᠰᠠᠯᠪᠤᠷᠢ ︽ᠫᠤᠤ ᠵᠡᠪᠰᠡᠭ ᠢ ᠬᠤᠷᠢᠶᠠᠮᠵᠢᠯᠠᠵᠤ ᠳᠡᠯᠪᠡᠷᠡᠬᠦ ᠡᠳ᠋ ᠪᠤᠳᠠᠰ ᠢ ᠴᠡᠭᠴᠡᠯᠡᠨ ᠵᠠᠰᠠᠬᠤ︾ ᠤᠬᠠᠭᠤᠯᠭ᠎ᠠ ᠶᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠭᠰᠠᠨ ᠳᠠᠭᠤᠷᠢᠶᠠᠮᠠᠯ ᠭᠠᠷ ᠫᠤᠤ 2᠂ ᠡᠯ᠎ᠡ ᠲᠥᠷᠥᠯ ᠤᠨ ᠰᠤᠮᠤ ᠨᠡᠶᠢᠲᠡ 110 ᠶᠢ ᠬᠤᠷᠢᠶᠠᠮᠵᠢᠯᠠᠵᠤ᠂ ᠠᠷᠠᠳ ᠤᠨ ᠴᠠᠭᠳᠠᠭ᠎ᠠ ᠠᠴᠠ ᠰᠠᠨᠠᠭᠠᠴᠢᠯᠠᠭ᠎ᠠ ᠠᠴᠠ ᠪᠠᠨ ᠫᠤᠤ ᠵᠡᠪᠰᠡᠭ ᠢᠶᠠᠨ ᠳᠡᠭᠡᠭᠰᠢ ᠲᠤᠰᠢᠶᠠᠭᠰᠠᠨ ᠲᠡᠳᠡᠭᠡᠷ ᠬᠦᠮᠦᠰ ᠤᠨ ᠦᠢᠯᠡ ᠠᠵᠢᠯᠯᠠᠭ᠎ᠠ ᠶᠢ ᠨᠤᠲᠠᠯᠠᠵᠤ ᠰᠠᠶᠢᠰᠢᠶᠠᠬᠤ ᠶᠢᠨ ᠬᠠᠮᠲᠤ ᠲᠡᠳᠡ ᠨᠠᠷ ᠢ ᠬᠠᠵᠠᠭᠤᠳᠠᠬᠢ ᠬᠦᠮᠦᠰ ᠢᠶᠠᠨ ᠰᠠᠨᠠᠭᠠᠴᠢᠯᠠᠭ᠎ᠠ ᠠᠴᠠ ᠪᠠᠨ ᠬᠤᠪᠢ ᠪᠡᠶ᠎ᠡ ᠳᠤ ᠪᠠᠨ ᠬᠠᠳᠠᠭᠠᠯᠠᠵᠤ ᠪᠠᠶᠢᠭ᠎ᠠ ᠫᠤᠤ ᠵᠡᠪᠰᠡᠭ ᠰᠤᠮᠤ ᠳᠠᠷᠢ ᠪᠠᠨ ᠢᠳᠡᠪᠬᠢᠲᠡᠶ ᠲᠤᠰᠢᠶᠠᠬᠤ ᠶᠢ ᠤᠬᠠᠭᠤᠯᠤᠨ ᠳᠠᠶᠢᠴᠢᠯᠠᠬᠤ ᠶᠢ ᠵᠣᠷᠢᠭᠵᠢᠭᠤᠯᠪᠠ᠃
IMG_1782.jpg  
    ᠲᠠᠷᠠᠭᠠᠴᠢ ᠶᠢᠨ ᠠᠯᠬᠤᠮ ᠳᠤ᠂ ᠳ᠋ᠢᠩ ᠰᠢᠶᠠᠩ ᠲᠣᠮᠢᠯᠠᠭᠰᠠᠨ ᠰᠠᠯᠪᠤᠷᠢ ᠫᠤᠤ ᠰᠤᠮᠤ ᠲᠡᠯᠪᠡᠷᠡᠬᠦ ᠡᠳ᠋ ᠲᠤ ᠬᠤᠯᠪᠤᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠳᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠫᠤᠤ ᠰᠤᠮᠤ ᠲᠠᠷᠢ᠂ ᠠᠶᠤᠯᠲᠠᠶ ᠳᠡᠯᠪᠡᠷᠡᠬᠦ ᠪᠣᠳᠠᠰ ᠢ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠯᠭᠠᠬᠤ ᠪᠠ ᠡᠯ᠎ᠡ ᠲᠥᠷᠥᠯ ᠤᠨ ᠫᠤᠤ ᠵᠡᠪᠰᠡᠭ ᠰᠤᠮᠤ ᠳᠠᠷᠢ᠂ ᠠᠶᠤᠯᠲᠠᠶ ᠳᠡᠯᠪᠡᠷᠡᠬᠦ ᠪᠣᠳᠠᠰ ᠢ ᠨᠢᠭᠤᠴᠠ ᠪᠠᠷ ᠬᠠᠳᠠᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠵᠢᠴᠢ ᠬᠠᠷᠢᠶᠠᠲᠤ ᠣᠷᠣᠨ ᠤ ᠣᠯᠠᠨ ᠲᠦᠮᠡᠨ ᠤ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ