ᠨᠠᠰᠤᠲᠠᠨ ᠤ ᠠᠰᠠᠷᠠᠮᠵᠢ ᠶᠢᠨ ᠬᠦᠷᠢᠶᠡᠯᠡᠩ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
    ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠣᠷᠤᠬᠤᠰᠢᠭᠤ ᠲᠣᠮᠢᠯᠠᠭᠰᠠᠨ ᠰᠠᠯᠪᠤᠷᠢ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠤᠭᠤᠳᠬᠤ ᠲᠥᠪ ᠤᠨ ᠮᠡᠬᠡᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠲᠠᠢ ᠬᠠᠮᠲᠤᠷᠠᠨ ᠪᠤᠷᠤᠬᠤᠰᠢᠭᠤ ᠲᠣᠰᠬᠤᠨ ᠤ ᠨᠠᠰᠤᠲᠠᠨ ᠤ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
 IMG_1841.jpg 
    ᠠᠵᠢᠯᠯᠠᠭ᠎ᠠ ᠶᠢᠨ ᠳᠤᠮᠳᠠ᠂ ᠬᠤᠪᠢᠶᠠᠷᠢ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠣᠳᠣᠬᠠᠨ ᠤ ᠨᠠᠰᠤᠵᠢᠯ ᠤᠨ ᠮᠡᠬᠡᠯᠡᠯ ᠤᠨ ᠬᠡᠷᠡᠭ ᠤᠨ ᠣᠨᠴᠠᠯᠢᠭ ᠲᠤ ᠴᠢᠭᠯᠡᠭᠦᠯᠦᠨ᠂ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠨᠠᠰᠤᠲᠠᠶᠢᠴᠤᠳ ᠲᠤ ᠦᠷᠭᠦᠯᠵᠢ ᠬᠡᠷᠡᠭᠯᠡᠳᠡᠭ ᠮᠡᠬᠡᠯᠡᠯ ᠤᠨ ᠠᠷᠭ᠎ᠠ ᠪᠠᠷᠢᠯ ᠢ ᠤᠬᠠᠭᠤᠯᠵᠤ᠂ ᠶᠠᠯᠠᠲᠤ ᠡᠲᠡᠭᠡᠳ ᠤᠨ ᠨᠠᠰᠤᠵᠢᠯ ᠤᠨ ᠮᠡᠬᠡᠯᠡᠯ ᠤᠨ ᠠᠷᠭ᠎ᠠ ᠪᠠᠷᠢᠯ ᠢ ᠬᠡᠷᠬᠢᠨ ᠰᠡᠷᠭᠡᠶᠢᠯᠡᠬᠦ ᠲᠤᠬᠠᠶ ᠭᠦᠨᠵᠡᠭᠡᠶ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ ᠲᠤᠬᠠᠶ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠤᠪᠢ ᠬᠥᠮᠦᠨ ᠤ ᠮᠠᠲ᠋ᠧᠷᠢᠶᠠᠯ ᠢᠶᠠᠨ ᠠᠮᠠᠷᠬᠠᠨ ᠵᠠᠳᠠᠷᠠᠭᠤᠯᠬᠤ ᠥᠬᠡᠶ᠂ ᠢᠷᠡᠯᠲᠡ ᠨᠢ ᠲᠣᠳᠣᠷᠬᠠᠶ ᠥᠬᠡᠶ ᠤᠲᠠᠰᠤ ᠪᠠ ᠣᠬᠤᠷ ᠮᠡᠳᠡᠭᠡ ᠶᠢ ᠠᠮᠠᠷᠬᠠᠨ ᠢᠲᠡᠭᠡᠬᠦ ᠥᠬᠡᠶ᠂ ᠲᠠᠨᠢᠬᠤ ᠥᠬᠡᠶ ᠬᠥᠮᠦᠨ ᠳᠤ ᠵᠣᠭᠤᠰ ᠭᠤᠪᠢᠭᠤᠯᠬᠤ᠂ ᠲᠠᠩᠰᠠ ᠰᠢᠯᠵᠢᠭᠦᠯᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃ ᠥᠪᠡᠷ ᠤᠨ ᠪᠡᠶ᠎ᠡ ᠪᠤᠶᠤ ᠭᠡᠷ ᠤᠨ ᠬᠥᠮᠦᠰ ᠨᠢ ᠮᠡᠬᠡᠯᠡᠭᠳᠡᠭᠰᠡᠨ ᠪᠠᠶᠢᠳᠠᠯ ᠳᠤ ᠤᠴᠠᠷᠠᠪᠠᠯ᠂ ᠲᠡᠷᠡ ᠳᠠᠷᠤᠶ ᠳᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠦᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠷᠠᠳ ᠤᠨ ᠴᠠᠭᠳᠠᠭ᠎ᠠ ᠨᠠᠰᠤᠲᠠᠶᠢᠴᠤᠳ ᠲᠤ ᠨᠢᠭᠡᠳ ᠨᠢᠭᠡ ᠪᠠᠷ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠤᠭᠰᠠᠷᠠᠵᠤ ᠥᠭᠪᠡ᠃
IMG_1843.jpg  
    ᠲᠠᠷᠠᠭᠠᠴᠢ ᠶᠢᠨ ᠠᠯᠬᠤᠮ ᠳᠤ᠂ ᠪᠤᠷᠤᠬᠤᠰᠢᠭᠤ ᠲᠣᠮᠢᠯᠠᠭᠰᠠᠨ ᠰᠠᠯᠪᠤᠷᠢ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠬᠤᠷᠢᠭᠯᠠᠬᠤ ︽ᠦᠯᠦ ᠬᠠᠯᠳᠠᠭᠠᠬᠤ ᠴᠢᠳᠠᠪᠤᠷᠢ︾ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠶ ᠴᠢᠨᠠᠷ ᠪᠠ ᠬᠤᠤᠷ ᠬᠥᠨᠥᠭᠡᠯᠲᠦ ᠴᠢᠨᠠᠷ ᠢ ᠭᠦᠨᠵᠡᠭᠡᠶ ᠲᠠᠨᠢᠭᠤᠯᠵᠤ᠂ ᠣᠯᠠᠨ ᠲᠦᠮᠡᠨ ᠤ ︽ᠵᠣᠭᠤᠰᠣᠨ ᠴᠥᠩᠬᠦ︾ ᠶᠢ ᠦᠨᠡᠨ ᠬᠦ ᠬᠠᠮᠠᠭᠠᠯᠠᠨ᠎ᠠ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ