ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ | ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠦᠴᠦᠲᠡᠢ ᠠᠬᠢᠭᠤᠯᠪᠠ᠃ | | | | 4 ᠰᠠᠷ᠎ᠠ ᠶᠢᠨ 15 ᠤ ᠡᠳᠦᠷ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠶᠢᠰᠦᠳᠦᠭᠡᠷ ᠤᠳᠠᠭ᠎ᠠ ᠶᠢᠨ | ᠨᠠᠮ ᠤᠨ ᠬᠤᠷᠢᠶ᠎ᠠ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ᠪᠥᠬᠦ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ 4 | ᠰᠠᠷ᠎ᠠ ᠶᠢᠨ 16 ᠤ ᠡᠳᠦᠷ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ | ︽ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ | ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠲᠠᠷᠬᠠᠭᠠᠪᠠ᠃ | | | | ᠤᠯᠠᠭᠠᠨᠬᠠᠳᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ | ᠬᠤᠳᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠪᠣᠳᠠᠲᠠᠢ ᠲᠤᠰᠢᠶᠠᠯ ᠲᠠᠢ ᠳᠡᠳ᠋ ᠭᠠᠵᠠᠷ ᠤᠨ ᠲᠡᠰ ᠤᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ ᠬᠤᠶᠠᠷ | ᠡᠳᠦᠷ ᠤᠨ ᠬᠤᠭᠤᠴᠠᠭ᠎ᠠ ᠲᠠᠢ ᠨᠣᠮ ᠤᠩᠰᠢᠬᠤ ᠠᠩᠬᠢ ᠶᠢ ᠥᠷᠨᠢᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠤᠶᠠᠷ ᠳᠡᠳ᠋ | ᠫᠷᠤᠹᠧᠰᠰᠤᠷ ᠢ ᠤᠷᠢᠵᠤ ᠨᠣᠮ ᠤᠩᠰᠢᠬᠤ ᠠᠩᠬᠢ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠲᠥᠪᠯᠡᠷᠡᠭᠦᠯᠦᠨ ᠰᠤᠷᠤᠯᠴᠠᠭᠰᠠᠨ ᠤ ᠳᠠᠷᠠᠭ᠎ᠠ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ ᠶᠢᠨ ᠬᠢᠨᠠᠨ ᠵᠢᠯᠣᠭᠤᠳᠬᠤ ᠳᠤᠭᠤᠶᠢᠯᠠᠩ ᠢ ᠤᠷᠢᠵᠤ ᠬᠤᠷᠠᠯ ᠳᠤ | ᠣᠷᠣᠯᠴᠠᠭᠤᠯᠤᠨ ᠲᠤᠰᠬᠠᠢ ᠵᠢᠯᠤᠭᠤᠳᠤᠯᠭ᠎ᠠ ᠬᠢᠯᠭᠡᠪᠡ᠃ | ᠤᠷᠢᠳ ᠬᠤᠵᠢᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠭᠠᠷᠠᠭ ᠤᠨ ᠰᠢᠯᠭᠠᠯᠲᠠ ᠰᠠᠷ᠎ᠠ ᠶᠢᠨ ᠰᠢᠯᠭᠠᠯᠲᠠ︾ ᠶᠢᠨ ᠠᠵᠢᠯᠯᠠᠭ᠎ᠠ | ᠪᠠ ᠬᠤᠲᠠ ᠶᠢᠨ ᠲᠣᠪᠴᠢᠶ᠎ᠠ ᠶᠢᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠤᠮᠳᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠭᠤᠤᠯ ᠰᠡᠳᠦᠪᠲᠦ ᠡᠬᠡ ᠪᠢᠴᠢᠭ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | |