ᠤᠶᠢᠷ᠎ᠠ ᠳᠤ᠂ ᠪᠠᠷᠠᠭᠠᠨ ᠤ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ᠂ ᠪᠠᠷᠠᠭᠠᠨ ᠤ ᠲᠡᠷᠭᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ᠂ ᠵᠠᠮ ᠬᠠᠷᠢᠯᠴᠠᠭᠠᠨ ᠤ ᠠᠳᠡᠯ | ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠶᠡᠭᠡ ᠠᠩᠬᠢ ᠬᠠᠪᠣᠷ ᠤᠨ ᠣᠯᠠᠷᠢᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠣᠷ ᠳᠦᠪᠰᠢᠨ ᠤ ᠵᠠᠰᠠᠯᠳᠠ ᠶᠢᠨ | ᠳᠣᠰᠬᠠᠢ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠨ᠂ 9 ᠳᠤᠮᠤ ᠪᠠᠷᠠᠭᠠᠨ ᠤ ᠮᠠᠰᠢᠨ ᠳᠡᠷᠬᠡ ᠶᠢᠨ ᠳᠠᠭᠠᠭᠠᠴᠠ ᠠᠴᠠ ᠬᠡᠳᠦᠷᠡᠬᠦᠯᠦᠨ ᠲᠡᠭᠡᠭᠡᠪᠦᠷᠢᠯᠡᠭᠰᠡᠨ ᠬᠠᠣᠯᠢ | ᠵᠦᠷᠢᠴᠡᠭᠰᠡᠨ ᠠᠵᠢᠯᠯᠠᠭ᠎ᠠ ᠶᠢ ᠵᠠᠯᠭ᠎ᠠ ᠪᠠᠷ ᠪᠠᠶᠢᠴᠠᠭᠠᠨ ᠰᠢᠢᠳᠪᠦᠷᠢᠯᠡᠪᠡ᠃ | | | | ᠠᠵᠢᠯᠯᠠᠭ᠎ᠠ ᠶᠢᠨ ᠳᠤᠮᠳᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ | ᠤᠲᠠᠰᠤ ᠭᠠᠷᠭᠠᠬᠤ ᠵᠢᠴᠢ ᠰᠢᠤᠳᠠᠨ ᠤ ᠬᠠᠶᠢᠷᠴᠠᠭ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠦᠯᠢᠶᠡᠨ ᠠᠪᠴᠦ᠂ ᠡᠭᠦᠨ ᠤ ᠬᠠᠮᠲᠤ ᠭᠤᠤᠯᠳᠠᠯᠭ᠎ᠠ ᠲᠠᠢ ᠵᠠᠮ ᠤᠨ | ᠬᠡᠰᠡᠭ᠂ ᠭᠤᠤᠯᠳᠠᠯᠭ᠎ᠠ ᠲᠠᠢ ᠴᠠᠭ ᠬᠤᠭᠤᠴᠠᠭᠠᠨ ᠤ ᠲᠡᠷᠭᠡᠨ ᠤ ᠤᠷᠤᠰᠬᠠᠯ ᠤᠨ ᠲᠤᠭ᠎ᠠ ᠪᠠᠷᠢᠮᠲᠠ ᠶᠢ ᠵᠠᠳᠠᠯᠵᠤ᠂ ᠬᠤᠷᠢᠭ᠎ᠠ ᠴᠢᠭ ᠪᠠᠶᠢᠷᠢᠯᠠᠭᠤᠯᠬᠤ ᠪᠠ ᠲᠣᠭᠤᠷᠢᠨ | ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠤᠯᠤᠰ ᠤᠨ ᠵᠠᠮ 207 ᠵᠡᠷᠭᠡ ᠭᠤᠤᠯᠳᠠᠯᠭ᠎ᠠ ᠲᠠᠢ ᠵᠠᠮ ᠤᠨ ᠬᠡᠰᠡᠭ ᠢ ᠲᠣᠭᠤᠷᠢᠨ ᠴᠠᠭᠳᠠᠵᠤ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠠᠭᠠᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠫᠠᠶᠢᠰᠠ ᠦᠨᠡᠮᠯᠡᠯ ᠳᠤ | ᠬᠤᠯᠪᠣᠭᠳᠠᠬᠤ᠂ ᠶᠠᠪᠤᠬᠤ ᠶᠢ ᠬᠢᠵᠠᠭᠠᠷᠯᠠᠬᠤ ᠲᠣᠭᠲᠠᠭᠠᠯ ᠢ ᠵᠥᠷᠢᠴᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠪᠠ᠃ ᠣᠶᠢᠷ᠎ᠠ ᠶᠢᠨ ᠡᠳᠦᠷ ᠤᠳ ᠲᠤ᠂ ᠳᠠᠭᠠᠭᠠᠴᠠ ᠠᠴᠠ ᠬᠡᠲᠦᠷᠡᠭᠰᠡᠨ 9 ᠲᠣᠮᠣ ᠪᠠᠷᠠᠭᠠᠨ ᠤ ᠲᠡᠷᠭᠡ ᠶᠢ ᠪᠠᠶᠢᠴᠠᠭᠠᠨ ᠭᠠᠷᠭᠠᠵᠤ᠂ ᠴᠥᠮ ᠪᠠᠷᠠᠭᠠᠨ ᠤ | ᠲᠡᠷᠭᠡᠨ ᠤ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠶᠢᠨ 50% ᠠᠴᠠ ᠳᠠᠪᠠᠭᠰᠠᠨ ᠪᠠᠶᠢᠨ᠎ᠠ᠃ ᠪᠠᠶᠢᠴᠠᠭᠠᠨ ᠰᠢᠢᠳᠪᠦᠷᠢᠯᠡᠭᠰᠡᠨ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠪᠠᠷᠠᠭᠠᠨ ᠤ ᠲᠡᠷᠭᠡ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠭᠤᠷᠪᠠᠨ ︽ᠵᠠᠪᠠᠯ︾ ᠢ ᠪᠠᠷᠢᠮᠲᠠᠯᠠᠵᠤ᠂ ᠲᠤᠬᠠᠶᠢᠯᠠᠪᠠᠯ ᠪᠠᠷᠠᠭ᠎ᠠ | ᠪᠠᠭᠤᠯᠭᠠᠬᠤ ᠶᠢ ᠵᠠᠪᠠᠯ ᠪᠠᠷᠠᠭ᠎ᠠ ᠶᠢ ᠪᠠᠭᠤᠯᠭᠠᠵᠤ᠂ ᠲᠡᠷᠭᠡ ᠶᠢ ᠨᠢ ᠦᠯᠡᠳᠡᠭᠡᠨ ᠠᠪᠬᠤ ᠶᠣᠰᠣᠲᠠᠢ ᠶᠢ ᠨᠢ ᠵᠠᠪᠠᠯ ᠲᠡᠷᠭᠡ ᠶᠢ ᠨᠢ ᠦᠯᠡᠳᠡᠭᠡᠨ ᠠᠪᠴᠤ᠂ ᠵᠣᠭᠤᠰ ᠢᠶᠠᠷ | ᠲᠣᠷᠭᠠᠬᠤ ᠶᠣᠰᠣᠲᠠᠢ ᠶᠢ ᠨᠢ ᠵᠠᠪᠠᠯ ᠴᠥᠮ ᠵᠣᠭᠤᠰ ᠢᠶᠠᠷ ᠲᠣᠷᠭᠠᠵᠤ᠂ ᠥᠴᠥᠬᠡᠨ ᠴᠤ ᠢᠯᠳᠠᠷ ᠬᠠᠶᠠᠬᠤ ᠦᠭᠡᠢ᠂ ᠲᠥᠪ ᠴᠢᠩᠭ᠎ᠠ ᠪᠠᠷ ᠰᠢᠢᠳᠪᠦᠷᠢᠯᠡᠪᠡ᠃ |