ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/31
     ᠣᠶᠢᠷ᠎ᠠ ᠳᠤ᠂ ᠠᠵᠤ ᠠᠬᠤᠶᠢᠯᠠᠯ ᠵᠢᠴᠢ ᠠᠵᠢᠯᠲᠠᠨ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠨᠢ ᠴᠢᠩᠭᠠᠳᠬᠠᠬᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠳᠥᠷᠪᠡᠳᠦᠭᠡᠷ ᠨᠡᠭᠦᠷᠡᠰᠦᠨ ᠠᠭᠤᠷᠬᠠᠶ ᠶᠢᠨ  ᠲᠣᠭᠤᠷᠢᠭ ᠲᠤ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
图片2.png
      ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠠᠵᠢᠯᠲᠠᠨ ᠳᠤ ᠬᠤᠤᠷ ᠲᠠᠲᠠᠬᠤ ᠶᠢ ᠡᠰᠡᠷᠭᠦᠴᠡᠬᠦ᠂ ᠮᠡᠬᠡᠯᠡᠯ ᠢ ᠡᠰᠡᠷᠭᠦᠴᠡᠬᠦ ᠵᠢᠴᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠵᠢᠴᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠤᠨ ᠤᠯᠠᠮ ᠮᠡᠷᠭᠡᠰᠢᠭᠰᠡᠨ ᠪᠠ ᠣᠯᠠᠨ ᠠᠷᠪᠢᠨ ᠬᠡᠷᠡᠭ ᠬᠢᠬᠦ ᠠᠷᠭ᠎ᠠ ᠪᠠᠷᠢᠯ ᠢ ᠭᠦᠨᠵᠡᠭᠡᠶ ᠵᠠᠳᠠᠯᠤᠨ ᠰᠢᠨᠵᠢᠯᠡᠵᠦ᠂ ᠠᠵᠢᠯᠲᠠᠳ ᠲᠤ ᠮᠡᠬᠡᠯᠡᠭᠳᠡᠭᠴᠢ ᠶᠢᠨ ᠰᠡᠳᠬᠢᠴᠡ ᠶᠢ ᠳ᠋ᠦᠩᠨᠡᠨ᠂ ᠣᠯᠠᠨ ᠵᠦᠢᠯ ᠤᠨ ᠠᠮᠠᠷᠬᠠᠨ ᠮᠡᠬᠡᠯᠡᠭᠳᠡᠬᠦ ᠪᠠᠶᠢᠳᠠᠯ ᠢ ᠲᠠᠨᠢᠯᠴᠠᠭᠤᠯᠵᠤ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠪᠠᠷ ᠠᠵᠢᠯᠲᠠᠨ ᠢ ᠬᠥᠲᠥᠯᠦᠨ ᠵᠢᠯᠣᠭᠤᠳᠴᠤ ᠰᠤᠷᠭᠠᠮᠵᠢ ᠠᠪᠤᠭᠤᠯᠵᠤ᠂ ᠡᠳ᠋ ᠬᠥᠷᠥᠩᠭᠡ ᠶᠢᠨ ᠬᠤᠬᠢᠷᠠᠯ ᠠᠴᠠ ᠵᠠᠶᠢᠯᠠᠰᠭᠢᠬᠦ ᠬᠡᠷᠡᠭᠲᠡᠢ ᠭᠡᠵᠦ ᠰᠠᠨᠠᠭᠤᠯᠪᠠ᠃ ᠠᠭᠤᠷᠬᠠᠶ ᠶᠢᠨ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠠᠰᠤᠭ ᠤᠨ ᠣᠲᠣ ᠶᠢᠨ ᠪᠠᠶᠢᠭ᠎ᠠ ᠨᠥᠬᠦᠴᠡᠯ ᠢ ᠠᠰᠢᠭᠯᠠᠨ᠂ ᠠᠵᠢᠯᠲᠠᠨ ᠢ ᠵᠣᠬᠢᠶᠠᠨ ᠪᠠᠶᠢᠭᠤᠯᠤᠨ ᠬᠤᠤᠷ ᠴᠠᠭᠠᠵᠠᠯᠠᠬᠤ PPT ᠦᠵᠡᠭᠦᠯᠵᠦ᠂ ᠬᠤᠤᠷ ᠴᠠᠭᠠᠵᠠᠯᠠᠬᠤ ᠮᠡᠬᠡᠯᠡᠯ ᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠳᠤ ᠢᠳᠡᠪᠬᠢᠲᠡᠶ ᠣᠷᠣᠯᠴᠠᠭᠤᠯᠵᠤ᠂ ᠠᠵᠢᠯᠲᠠᠨ ᠠᠵᠢᠯᠴᠢᠨ ᠢ ᠤᠷᠢᠶᠠᠯᠠᠨ ᠬᠤᠤᠷ ᠴᠠᠭᠠᠵᠠᠯᠠᠬᠤ ᠮᠡᠬᠡᠯᠡᠯ ᠢ ᠡᠰᠡᠷᠭᠦᠴᠡᠬᠦ ᠤᠬᠠᠭᠤᠯᠤᠯ ᠳᠤ ᠣᠷᠣᠯᠴᠠᠭᠤᠯᠵᠤ᠂ ᠬᠠᠮᠲᠤ ᠪᠠᠷ ᠡᠷᠡᠭᠦᠯ ᠮᠡᠨᠳᠦ ᠠᠮᠤᠷ ᠠᠮᠤᠭᠤᠯᠠᠩ ᠠᠮᠢᠳᠤᠷᠠᠯ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠤᠷᠢᠶᠠᠯᠠᠪᠠ᠃
图片1.png
     ᠲᠣᠰ ᠤᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠤᠤᠷ ᠴᠠᠭᠠᠵᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠵᠡᠷᠭᠡ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠬᠤ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠪᠡ᠃     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠢ ᠢᠳᠡᠪᠬᠢᠲᠡᠶ ᠰᠤᠷᠪᠤᠯᠵᠢᠯᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠴᠢᠨᠠᠷ ᠰᠠᠶᠢᠲᠠᠶ᠂ ᠪᠥᠬᠦ ᠲᠠᠯ᠎ᠠ ᠶᠢᠨ᠂ ᠰᠠᠭᠠᠳ ᠦᠭᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ