ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠠᠮ ᠤᠨ ᠪᠠᠶᠢᠭᠤᠯᠤᠯᠲᠠ ᠪᠠᠷ ᠴᠢᠭᠯᠡᠯ ᠢ ᠬᠥᠲᠥᠯᠦᠨ ᠳᠠᠭᠠᠭᠤᠯᠵᠤ ᠡᠪᠯᠡᠯ ᠤᠨ ᠪᠠᠶᠢᠭᠤᠯᠤᠯᠲᠠ ᠪᠠᠷ ᠬᠦᠴᠦᠨ ᠴᠢᠳᠠᠯ ᠢ ᠨᠢᠭᠲᠠᠷᠠᠭᠤᠯᠬᠤ︾ ᠲᠤᠰᠬᠠᠶ ᠰᠡᠳᠦᠪᠲᠦ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/31
      ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠯ᠎ᠡ ᠴᠠᠭᠳᠠᠭᠠᠨ ᠤ ᠲᠥᠷᠥᠯ ᠤᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠬᠦ ᠴᠤᠭ ᠰᠦᠯᠳᠡ ᠶᠢ ᠳᠡᠭᠡᠭᠰᠢᠯᠡᠭᠦᠯᠬᠦ ᠶᠢᠨ ᠲᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠰᠡᠳᠬᠢᠴᠡ ᠶᠢᠨ ᠪᠦᠯᠬᠦᠮ ᠤᠨ ᠬᠠᠪᠰᠤᠷᠤᠨ ᠰᠡᠷᠡᠮᠵᠢᠯᠡᠭᠦᠯᠬᠦ ᠬᠥᠮᠦᠵᠢᠯ ᠤᠨ ᠣᠯᠠᠨ ᠵᠦᠢᠯ ᠤᠨ ᠵᠠᠭᠪᠤᠷ ᠢ ᠠᠪᠴᠤ᠂ ︽ᠨᠠᠮ ᠤᠨ ᠪᠠᠶᠢᠭᠤᠯᠤᠯᠲᠠ ᠪᠠᠷ ᠴᠢᠭᠯᠡᠯ ᠢ ᠬᠥᠲᠥᠯᠦᠨ ᠳᠠᠭᠠᠭᠤᠯᠵᠤ ᠡᠪᠯᠡᠯ ᠤᠨ ᠪᠠᠶᠢᠭᠤᠯᠤᠯᠲᠠ ᠪᠠᠷ ᠬᠦᠴᠦᠨ ᠴᠢᠳᠠᠯ ᠢ ᠨᠢᠭᠲᠠᠷᠠᠭᠤᠯᠬᠤ︾ ᠲᠤᠰᠬᠠᠶ ᠰᠡᠳᠦᠪᠲᠦ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠪᠡ᠃
1 (1).jpg
     ᠪᠠᠷᠠᠭᠤᠨ ᠦᠵᠦᠮᠦᠴᠢᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠦᠪ ᠲᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠲᠢᠩᠬᠢᠮ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠣᠭᠤᠷᠢᠭ᠂ ᠨᠠᠮ ᠪᠠ ᠣᠯᠠᠨ ᠲᠦᠮᠡᠨ ᠤ ᠨᠣᠮ ᠤᠩᠰᠢᠬᠤ ᠲᠣᠭᠤᠷᠢᠭ ᠢ ᠲᠣᠭᠤᠷᠢᠨ ᠦᠵᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠥᠭᠵᠢᠯᠲᠡ ᠶᠢᠨ ᠲᠡᠦᠬᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠨᠡᠩ ᠲᠡᠭᠦᠰ ᠲᠡᠭᠦᠯᠳᠡᠷ ᠵᠣᠷᠢᠭ ᠰᠠᠨᠠᠭ᠎ᠠ ᠪᠠᠷ ᠬᠤᠶᠢᠰᠢᠳᠠ ᠶᠢᠨ ᠠᠵᠢᠯ ᠠᠮᠢᠳᠤᠷᠠᠯ ᠳᠤ ᠣᠷᠣᠯᠴᠠᠵᠤ᠂ ︽ᠲᠦᠷᠪᠡᠨ ᠲᠡᠮᠦᠷ ᠮᠡᠲᠦ︾ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠦᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠪᠠ᠃
1 (2).JPG
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠥᠬᠦ ᠲᠠᠯ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠰᠠᠬᠢᠯᠭ᠎ᠠ ᠪᠠᠲᠤ ᠶᠢ ᠬᠦᠨᠳᠦᠳᠬᠡᠨ ᠬᠠᠤᠯᠢ ᠠᠴᠠ ᠵᠢᠷᠤᠭᠡᠰᠢᠶᠡᠬᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠬᠤ ᠶᠢ ᠪᠡᠶᠡᠯᠡᠭᠦᠯᠪᠡ᠃ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ︽ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ︾ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠭᠦᠯᠪᠡ᠃ ᠠᠯᠢ ᠣᠯᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠤᠶᠢᠰᠢᠳᠠ ᠶᠢᠨ ᠠᠵᠢᠯ ᠠᠮᠢᠳᠤᠷᠠᠯ ᠳᠤᠮᠳᠠ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠬᠡᠷᠡᠭ ᠢᠶᠠᠷ ᠲᠣᠯᠢ ᠪᠣᠯᠭᠠᠵᠤ᠂ ᠡᠷᠬᠡ ᠪᠠᠨ ᠲᠥᠪ ᠴᠢᠩᠭ᠎ᠠ ᠬᠡᠷᠡᠭᠯᠡᠬᠦ᠂ ᠪᠡᠶ᠎ᠡ ᠪᠠᠨ ᠴᠢᠩᠭ᠎ᠠ ᠵᠠᠰᠠᠬᠤ᠂ ᠪᠡᠶ᠎ᠡ ᠪᠠᠨ ᠴᠢᠩᠭ᠎ᠠ ᠱᠠᠭᠠᠷᠳᠠᠬᠤ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠠᠲᠤ ᠴᠡᠭᠡᠵᠢᠯᠡᠵᠦ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠤᠷᠢᠭ᠎ᠠ ᠱᠤᠭᠤᠮ ᠢ ᠰᠠᠬᠢᠨ᠎ᠠ ᠭᠡᠵᠦ ᠢᠯᠡᠳᠬᠡᠵᠡᠭᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ