ᠪᠠᠷᠠᠭᠤᠨ ᠦᠵᠦᠮᠴᠢᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/31
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ᠂ ᠡᠶ᠎ᠡ ᠵᠣᠬᠢᠴᠠᠩᠭᠤᠶ᠂ ᠲᠣᠭᠲᠠᠭᠤᠨ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 8 ᠤ ᠦᠳᠡ ᠶᠢᠨ ᠡᠮᠦᠨ᠎ᠡ᠂ ᠪᠠᠷᠠᠭᠤᠨ ᠦᠵᠦᠮᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠨᠢᠭᠡᠴᠢ ᠠᠴᠠ ᠭᠤᠤᠯᠯᠠᠨ ᠡᠷᠭᠢᠯᠡᠭᠰᠡᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ  ᠪᠣᠯᠭᠠᠭᠰᠠᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
YYY09143.JPG
      ᠠᠵᠢᠯᠯᠠᠭ᠎ᠠ ᠶᠢᠨ ᠠᠬᠤᠢ ᠳᠠᠯᠠᠪᠠᠢ ᠳᠤ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠮ ᠤᠨ ᠦᠨᠳᠦᠰᠦᠳᠠᠨ ᠤ ᠣᠨᠣᠯ ᠪᠠ ᠦᠨᠳᠦᠰᠦᠳᠡᠨ ᠤ ᠳᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠳᠡᠪᠳᠡᠷ᠂ ᠣᠬᠠᠭᠤᠯᠭ᠎ᠠ ᠶᠢᠨ ᠬᠠᠭᠤᠳᠠᠰᠣ᠂ ᠣᠬᠠᠭᠤᠯᠭ᠎ᠠ ᠶᠢᠨ ᠮᠠᠲ᠋ᠧᠷᠢᠶᠠᠯ ᠪᠠ ᠳᠣᠬᠠᠢ ᠶᠢᠨ ᠳᠠᠯᠠᠪᠤᠷ ᠲᠤ ᠳᠠᠶᠢᠯᠣᠮᠵᠢ ᠬᠢᠬᠦ ᠵᠡᠷᠬᠡ ᠠᠷᠭ᠎ᠠ ᠠᠪᠴᠢᠯ ᠢᠶᠠᠷ ᠳᠠᠮᠵᠢᠨ ᠣᠯᠠᠨ ᠳᠦᠮᠡᠨ ᠳᠤ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠨ ᠬᠠᠣᠯᠢ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠬᠠᠤᠯᠢ︾᠂ ︽ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠳᠦᠷᠢᠮ︾ ᠵᠢᠴᠢ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠣᠰᠣ ᠵᠣᠬᠢᠶᠠᠨ ᠪᠠᠶᠢᠭᠤᠯᠣᠯᠳᠠ ᠶᠢᠨ ᠬᠢᠯᠢ ᠶᠢᠨ ᠳᠣᠳᠣᠷᠠᠬᠢ ᠠᠵᠢᠯᠯᠠᠭᠠᠨ ᠤ ᠬᠠᠮᠢᠶᠠᠷᠣᠯᠳᠠ ᠶᠢᠨ ᠬᠠᠣᠯᠢ︾ ᠵᠡᠷᠬᠡ ᠬᠠᠣᠯᠢ ᠳᠣᠭᠳᠠᠭᠠᠯ ᠢ ᠣᠬᠠᠭᠤᠯᠵᠦ᠂ ᠨᠠᠮ ᠤᠨ ᠦᠨᠳᠦᠰᠦᠳᠡᠨ ᠤ ᠳᠦᠷᠦ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠳᠣᠭᠳᠠᠭᠠᠯ ᠢ ᠬᠦᠮᠦᠰ ᠤᠨ ᠰᠡᠳᠬᠢᠯ ᠳᠤ ᠬᠦᠨ ᠰᠠᠭᠤᠭᠳᠠᠭᠤᠯᠪᠠ︔ ᠡᠭᠦᠨ ᠤ ᠬᠠᠮᠲᠤ ᠳᠣᠳᠣᠭᠠᠳᠣ ᠶᠢ ᠬᠠᠮᠠᠭᠠᠯᠠᠬᠤ ᠪᠣᠳᠠᠳᠠᠢ ᠠᠵᠢᠯ ᠲᠠᠢ ᠪᠠᠨ ᠣᠶᠠᠯᠳᠣᠭᠤᠯᠣᠨ᠂ ᠭᠠᠵᠢᠭᠤ ᠨᠤᠮᠯᠠᠯ ᠢ ᠡᠰᠡᠷᠭᠦᠴᠡᠬᠦ᠂ ᠮᠡᠭᠡᠯᠡᠯ ᠢ ᠰᠡᠷᠬᠡᠶᠢᠯᠡᠬᠦ᠂ ᠬᠤᠣᠷ ᠴᠠᠭᠠᠵᠠᠯᠠᠬᠤ ᠠᠮᠣᠷ ᠳᠦᠪᠰᠢᠨ ᠤ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠪᠡ᠃
3.JPG
      ᠲᠣᠰ ᠤᠳᠠᠭᠠᠨ ᠤ ᠠᠵᠢᠯᠯᠠᠭ᠎ᠠ ᠳᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ 52 ᠳᠡᠪᠲᠡᠷ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ 300 ᠭᠠᠷᠤᠶ ᠬᠤᠪᠢ᠂ ᠤᠬᠠᠭᠤᠯᠭ᠎ᠠ ᠶᠢᠨ ᠮᠠᠲ᠋ᠧᠷᠢᠶᠠᠯ 100 ᠭᠠᠷᠤᠶ ᠬᠤᠪᠢ ᠲᠠᠷᠬᠠᠭᠠᠪᠠ᠃      ᠪᠠᠷᠠᠭᠤᠨ ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠨᠢ ︽ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠠ︾᠂ ︽ᠦᠨᠳᠦᠰᠦᠳᠡᠨ ᠤ ᠬᠠᠣᠯᠢ ᠪᠠᠷ ᠵᠠᠰᠠᠬᠤ ᠣᠬᠠᠭᠤᠯᠭ᠎ᠠ ᠶᠢᠨ ᠭᠠᠷᠠᠭ︾ ᠲᠤ ᠳᠦᠰᠢᠭᠯᠡᠨ ᠣᠯᠠᠨ ᠬᠡᠯᠪᠡᠷᠢ ᠶᠢᠨ ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠬᠦᠳᠡᠯᠬᠡᠬᠡᠨ ᠢ ᠦᠷᠨᠢᠬᠦᠯᠵᠣ᠂ ᠣᠬᠠᠭᠤᠯᠭ᠎ᠠ ᠶᠢᠨ ᠬᠦᠴᠦᠯᠡᠴᠡ ᠪᠠᠨ ᠳᠠᠰᠣᠷᠠᠯᠳᠠ ᠦᠬᠡᠢ ᠦᠷᠬᠡᠳᠬᠡᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠦᠯᠢᠬᠡᠷ ᠶᠢ ᠰᠠᠶᠢᠳᠣᠷ ᠶᠠᠷᠢᠵᠣ᠂ ᠨᠠᠮ ᠤᠨ ᠦᠨᠳᠦᠰᠦᠳᠡᠨ ᠤ ᠣᠨᠣᠯ ᠪᠣᠯᠣᠨ ᠲᠦᠷᠦ ᠶᠢᠨ ᠪᠣᠳᠣᠯᠭ᠎ᠠ ᠶᠢ ︽ᠡᠭᠡᠯ ᠠᠷᠠᠳ ᠤᠨ ᠭᠡᠷ ᠲᠤ ᠬᠦᠷᠭᠡᠵᠦ︾᠂ ᠡᠯ᠎ᠡ ᠦᠨᠳᠦᠰᠦᠳᠡᠨ ᠤ ᠠᠷᠠᠳ ᠲᠦᠮᠡᠨ ᠤ ᠰᠡᠳᠬᠢᠯ ᠳᠤ ᠬᠦᠨᠵᠡᠬᠡᠶᠢᠷᠡᠵᠣ᠂ ᠳᠣᠮᠳᠠᠳᠣ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠲᠤᠳᠬᠠᠬᠤ ᠱᠠᠭᠠᠷᠳᠠᠯᠭ᠎ᠠ ᠶᠢ ᠪᠣᠳᠠᠳᠠᠢ ᠳᠤ ᠨᠠᠶᠢᠳᠠᠪᠣᠷᠢᠵᠢᠭᠤᠯᠣᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ