2024 ᠤᠨ ᠤ 3 ᠳ᠋ᠤᠭᠠᠷ ᠰᠠᠷ᠎ᠠ ᠶᠢᠨ 9 ᠤ ᠡᠳᠤᠷ᠂ ᠦᠵᠡᠰᠬᠦᠯᠡᠩᠳᠤ ᠰᠠᠶᠢᠬᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠢ ᠲᠤᠭᠤᠯᠬᠤ | ︽ᠪᠢᠯᠢᠭ ᠤᠨ ᠬᠤᠶᠠᠷ ᠰᠠᠷ᠎ᠠ ᠶᠢᠨ ᠬᠤᠶᠠᠷ︾ ᠤᠨ ᠮᠠᠰᠢᠨ ᠲᠡᠷᠭᠡᠨ ᠤ ᠲᠡᠰᠭᠡᠯ ᠤᠷᠤᠯᠳᠤᠭᠠᠨ ᠰᠢᠯᠢ ᠶᠢᠨ ᠬᠤᠳᠠ ᠳᠤ ᠡᠬᠢᠯᠡᠵᠦ᠂ ᠪᠡᠭᠡᠵᠢᠩ᠂ ᠲᠢᠶᠠᠨᠵᠢᠨ᠂ | ᠡᠾᠧᠪᠸᠢ ᠮᠤᠵᠢ᠂ ᠱᠠᠨ ᠰᠢ ᠮᠤᠵᠢ ᠵᠡᠷᠭᠡ ᠪᠦᠬᠦ ᠤᠯᠤᠰ ᠤᠨ ᠡᠯ᠎ᠡ ᠭᠠᠵᠠᠷ ᠤᠨ 22 ᠬᠤᠪᠢᠶᠠᠷᠢ ᠠᠩᠭᠢ᠂ 30 ᠭᠠᠷᠤᠢ ᠺᠯᠦ᠋ᠪ ᠤᠨ 1000 ᠭᠠᠷᠤᠢ ᠮᠠᠰᠢᠨ | ᠲᠡᠷᠭᠡ ᠂ 2000 ᠭᠠᠷᠤᠢ ᠲᠠᠮᠢᠷᠴᠢᠳ ᠬᠢᠭᠡᠳ ᠮᠠᠰᠢᠨ ᠲᠡᠷᠭᠡᠨ ᠤ ᠪᠠᠭ᠋ᠠᠳᠠᠳ ᠰᠢᠯᠢ ᠶᠢᠨ ᠬᠤᠳᠠ ᠳᠤ ᠬᠤᠷᠠᠨ ᠴᠤᠭᠯᠠᠷᠠᠵᠦ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠭᠡᠭ ᠭᠠᠵᠠᠷ ᠢ ᠲᠤᠭᠤᠯᠬᠤ ᠲᠤᠭᠤᠷᠢᠯ ᠵᠠᠮ ᠤᠨ 2024 ᠤᠨ ᠤ ᠠᠩᠬᠠᠨ ᠤ ᠤᠷᠤᠯᠳᠤᠭᠠᠨ ᠢ ᠡᠬᠢᠯᠡᠬᠦᠯᠵᠠᠢ᠃ ᠲᠤᠰ ᠬᠤᠭᠤᠴᠠᠭᠠᠨ ᠤ ᠤᠷᠤᠯᠳᠤᠭᠠᠨ 5 | ᠡᠳᠤᠷ ᠶᠠᠪᠤᠭᠳᠠᠵᠦ᠂ ᠤᠷᠤᠯᠳᠤᠭᠠᠨ ᠤ ᠵᠠᠮ ᠢ ᠭᠤᠷᠪᠠᠨ ᠬᠡᠰᠡᠭ ᠬᠤᠪᠢᠶᠠᠨ᠂ ᠨᠢᠭᠡᠳᠦᠭᠡᠷ ᠦᠷᠳᠡᠭᠡ ᠨᠢ ᠰᠢᠯᠢ ᠶᠢᠨ ᠬᠤᠳᠠ ᠦᠷᠳᠡᠭᠡ᠂ ᠤᠷᠤᠯᠳᠤᠭᠠᠨ ᠤ ᠵᠠᠮ | ᠨᠢ 60 ᠺᠢᠯᠤᠮᠧᠲᠷ ᠪᠠᠶᠢᠯ᠎ᠠ᠃ ᠤᠷᠤᠯᠳᠤᠭᠠᠨ ᠤ ᠵᠠᠮ ᠨᠢ ᠴᠠᠰᠤ ᠮᠦᠰᠦᠨ ᠳᠤ ᠬᠤᠴᠢᠭᠳᠠᠭᠰᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ᠂ ᠰᠦᠷᠯᠢᠭ | ᠰᠠᠶᠢᠬᠠᠨ ᠰᠦᠨᠦᠭᠰᠡᠨ ᠭᠠᠯᠳᠤ ᠠᠭᠤᠯᠠ᠂ ᠨᠡᠯᠦᠭᠡᠷ ᠠᠭᠤᠳᠠᠮ ᠲᠠᠯ᠎ᠠ ᠨᠤᠳᠤᠭ ᠢ ᠲᠤᠭᠤᠯᠤᠨ᠂ ᠦᠵᠡᠮᠵᠢ ᠭᠤᠶᠤ ᠮᠦᠷᠳᠡᠭᠡᠨ ᠦᠷᠢᠰᠦᠯᠳᠦᠭᠡᠨ ᠢᠶᠠᠷ ᠲᠦᠬᠦᠷᠡᠩ | ᠪᠠᠶᠢᠯ᠎ᠠ᠃ | | | | | | | | ᠤᠷᠤᠯᠳᠤᠭᠠᠨ ᠤ ᠠᠮᠤᠷ ᠲᠦᠪᠰᠢᠨ ᠢ ᠬᠠᠮᠠᠭᠠᠯᠠᠨ᠂ ᠡᠮᠬᠢ ᠲᠢᠭᠯᠢᠮ ᠲᠠᠢ ᠤᠷᠤᠭᠰᠢᠳᠠᠢ ᠶᠠᠪᠤᠭᠳᠠᠬᠤ ᠶᠢ ᠦᠨᠡᠨ ᠬᠦ ᠪᠠᠳᠤᠯᠠᠬᠤ ᠶᠢᠨ ᠲᠦᠯᠦᠭᠡ᠂ ᠰᠢᠯᠢ | ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠡᠶᠢᠳᠡ 40 ᠭᠠᠷᠤᠢ ᠴᠠᠭᠳᠠᠭᠠᠨ ᠤ ᠬᠦᠴᠦᠨ᠂ | 10 ᠭᠠᠷᠤᠢ ᠴᠠᠭᠳᠠᠭᠠᠨ ᠤ ᠲᠡᠷᠭᠡ ᠬᠦᠳᠡᠯᠭᠡᠨ᠂ ᠡᠯ᠎ᠡ ᠵᠤᠶᠢᠯ ᠤᠨ ᠠᠮᠤᠷ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠠ ᠶᠢ ᠴᠢᠩᠭ᠎ᠠ ᠨᠢᠮᠪᠠᠢ | ᠨᠠᠶᠢᠳᠡᠪᠤᠷᠢᠵᠢᠭᠤᠯᠪᠠ᠃ ᠲᠤᠪᠴᠢᠶᠠᠨ ᠤ ᠨᠠᠮ ᠤᠨ ᠬᠤᠷᠢᠶ᠎ᠠ ᠨᠢ ︽ᠬᠤᠶᠠᠷ ᠬᠤᠷᠠᠯ︾ ᠤᠨ ᠠᠮᠤᠷ ᠲᠦᠪᠰᠢᠨ ᠤ ᠬᠠᠮᠠᠭᠠᠯᠠᠯᠳᠠ ᠶᠢ ᠰᠠᠶᠢᠳᠤᠷ ᠬᠢᠬᠦ ᠶᠢᠨ ᠬᠠᠮᠳᠤ᠂ | ᠴᠠᠭᠳᠠᠭᠠᠨ ᠤ ᠬᠦᠴᠦᠨ ᠢ ᠵᠦᠢ ᠵᠤᠬᠢᠰᠳᠠᠢ ᠲᠤᠬᠢᠷᠠᠭᠤᠯᠤᠨ᠂ ᠪᠦᠬᠦ ᠬᠦᠴᠦᠨ ᠢᠶᠠᠷ ᠢᠶᠠᠨ ᠴᠢᠷᠮᠠᠶᠢᠵᠦ᠂ ᠤᠷᠤᠯᠳᠤᠭᠠᠨ ᠤ ᠪᠦᠬᠦ ᠶᠠᠪᠤᠴᠠ ᠶᠢᠨ ᠠᠮᠤᠷ ᠢ | ᠬᠠᠮᠠᠭᠠᠯᠠᠨ᠂ ︽ᠦᠴᠦᠭᠡᠨ ᠲᠡᠳᠦᠢ ᠴᠦ ᠠᠯᠳᠠᠰᠢ ᠭᠠᠷᠭᠠᠬᠤ ᠦᠭᠡᠢ︾ ᠪᠠᠶᠢᠬᠤ ᠬᠠᠮᠤᠭ ᠤᠨ ᠦᠨᠳᠦᠷ ᠪᠠᠷᠢᠮᠵᠢᠶ᠎ᠠ ᠪᠠ ᠦᠨᠡᠨᠴᠢ ᠰᠢᠳᠤᠷᠭᠤ ᠪᠠᠷ ᠬᠠᠷᠢᠭᠤᠴᠠᠯᠭ᠎ᠠ | ᠪᠠᠨ ᠬᠦᠢᠴᠡᠳᠭᠡᠬᠦ ᠢ ᠪᠤᠳᠠᠳᠤ ᠠᠵᠢᠯᠯᠠᠭ᠎ᠠ ᠪᠠᠷ ᠢᠶᠠᠨ ᠬᠠᠷᠠᠭᠤᠯᠤᠨ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠬᠠᠮᠢᠶᠠᠷᠤᠯᠳᠠ ᠡᠵᠡᠮᠳᠡᠯ ᠵᠡᠷᠭᠡ ᠠᠵᠢᠯ ᠢ | ᠨᠢᠭᠡᠳᠦᠯᠳᠠᠢ ᠲᠦᠯᠦᠪᠯᠡᠨ ᠰᠠᠶᠢᠳᠤᠷ ᠬᠢᠵᠦ᠂ ᠲᠤᠰ ᠤᠳᠠᠭᠠᠨ ᠤ ᠮᠠᠰᠢᠨ ᠲᠡᠷᠭᠡᠨ ᠤ ᠬᠡᠭᠡᠷᠡᠯᠡᠬᠦ ᠲᠡᠰᠬᠡᠯ ᠤᠷᠤᠯᠳᠤᠭᠠᠨ ᠤ ᠠᠮᠤᠷ ᠲᠦᠪᠰᠢᠨ ᠤ ᠬᠠᠮᠠᠭᠠᠯᠠᠯᠳᠠ ᠶᠢᠨ | ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠵᠠᠢ᠃ |