︽5 · 1︾ ᠤ ᠠᠮᠠᠷᠠᠯᠲᠠ ᠶᠢᠨ ᠬᠤᠭᠤᠴᠠᠭᠠᠨ ᠳᠤ ᠪᠦᠬᠦ ᠣᠷᠣᠨ ᠤ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠠᠮᠤᠷ ᠲᠦᠪᠰᠢᠨ ᠡᠮᠬᠢ ᠳᠢᠭᠯᠢᠮ ᠰᠠᠶᠢᠨ
ᠨᠡᠶᠢᠲᠡᠯᠡᠭᠰᠡᠨ ᠴᠠᠭ᠄
2024/5/7
      ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠳᠤ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠨᠳᠥᠷ ᠲᠠᠰ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠡᠬᠢᠯᠡᠭᠦᠯᠵᠦ᠂ ︽ᠣᠯᠠᠨ ᠲᠦᠮᠡᠨ ᠪᠠᠶᠠᠷ ᠤᠨ ᠡᠳᠦᠷ ᠢ ᠪᠡᠯᠡᠭᠯᠡᠵᠦ᠂ ᠴᠠᠭᠳᠠᠭ᠎ᠠ ᠬᠠᠷᠠᠭᠤᠯ ᠵᠣᠭᠰᠣᠬᠤ︾ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠤᠨ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠂ ᠠᠷᠠᠳ ᠣᠯᠠᠨ ᠤ ᠠᠮᠤᠷ ᠲᠠᠶᠢᠪᠤᠩ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠳᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠠ᠃ 5 ᠳ᠋ᠤᠭᠠᠷ ᠰᠠᠷ᠎ᠠ ᠶᠢᠨ 1 ᠤ ᠡᠳᠦᠷ ᠤᠨ 0 ᠴᠠᠭ ᠠᠴᠠ 5 ᠳ᠋ᠤᠭᠠᠷ ᠰᠠᠷ᠎ᠠ ᠶᠢᠨ 5 ᠤ ᠡᠳᠦᠷ ᠤᠨ 12 ᠴᠠᠭ ᠪᠣᠯᠲᠠᠯ᠎ᠠ᠂ ᠪᠥᠬᠦ ᠣᠷᠣᠨ ᠳᠤ ᠬᠦᠴᠦᠨ ᠪᠥᠬᠦᠶ ᠲᠦᠭᠰᠢᠭᠦᠷᠢ ᠶᠢᠨ ᠪᠠᠶᠢᠳᠠᠯ ᠢ ᠨᠡᠶᠢᠲᠡ 31469 ᠭᠥᠯᠢᠶᠡᠨ ᠠᠪᠴᠤ᠂ ᠡᠭᠦᠨ ᠳᠤ ᠡᠷᠡᠭᠦᠤ ᠶᠢᠨ ᠬᠡᠷᠡᠭ ᠤᠨ ᠲᠥᠷᠥᠯ ᠤᠨ ᠲᠦᠭᠰᠢᠭᠦᠷᠢ ᠶᠢᠨ ᠪᠠᠶᠢᠳᠠᠯ 219 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 63.86% ᠪᠠᠷ ᠪᠠᠭᠤᠷᠠᠵᠤ᠂ ᠠᠮᠤᠷ ᠢ ᠬᠠᠮᠠᠭᠠᠯᠠᠬᠤ ᠲᠥᠷᠥᠯ ᠤᠨ ᠲᠦᠭᠰᠢᠭᠦᠷᠢ ᠶᠢᠨ ᠪᠠᠶᠢᠳᠠᠯ 2313 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.94% ᠪᠠᠷ ᠪᠠᠭᠤᠷᠠᠪᠠ᠃ ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠨᠡᠶᠢᠭᠡᠮ ᠤᠨ ᠶᠡᠭᠡ ᠪᠠᠶᠢᠳᠠᠯ ᠲᠣᠭᠲᠠᠭᠤᠨ᠂ ᠠᠮᠤᠷ ᠲᠦᠪᠰᠢᠨ ᠤ ᠡᠮᠬᠢ ᠳᠢᠭᠯᠢᠮ ᠰᠠᠶᠢᠨ ᠪᠠᠶᠢᠵᠤ᠂ ᠭᠤᠣᠯᠳᠠᠯᠭ᠎ᠠ ᠲᠠᠢ ᠵᠤᠭᠠᠴᠠᠯ ᠤᠨ ᠦᠵᠡᠮᠵᠢ ᠶᠢᠨ ᠣᠷᠣᠨ ᠡᠮᠬᠢ ᠳᠢᠭᠯᠢᠮ ᠲᠠᠢ ᠪᠠᠶᠢᠵᠤ᠂ 11 ᠲᠠᠯᠠᠪᠤᠷ ᠲᠦᠮᠡᠨ ᠬᠥᠮᠦᠨ ᠠᠴᠠ ᠳᠡᠭᠡᠭᠰᠢᠬᠢ ᠲᠤᠮᠤ ᠬᠡᠯᠪᠡᠷᠢ ᠶᠢᠨ ᠠᠵᠢᠯᠯᠠᠭ᠎ᠠ ᠠᠮᠤᠷ ᠲᠦᠪᠰᠢᠨ ᠤᠷᠤᠭᠰᠢᠲᠠᠢ ᠶᠠᠪᠤᠭᠳᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃
1.png
     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ︽5 · 1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 4 ᠰᠠᠷ᠎ᠠ ᠶᠢᠨ 30 ᠤ ᠡᠳᠦᠷ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠬᠢᠷᠠᠭᠤᠯᠤᠯᠲᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠲᠤᠰᠬᠠᠢ ᠰᠡᠳᠦᠪ ᠢᠶᠠᠷ ᠲᠣᠬᠢᠷᠠᠭᠤᠯᠪᠠ᠃ ᠠᠮᠠᠷᠠᠯᠲᠠ ᠶᠢᠨ ᠬᠤᠭᠤᠴᠠᠭᠠᠨ ᠳᠤ᠂ ᠲᠢᠩᠬᠢᠮ ᠤᠨ ᠤᠳᠤᠷᠢᠳᠤᠯᠭ᠎ᠠ ᠪᠡᠶ᠎ᠡ ᠪᠠᠷ ᠢᠶᠠᠨ ᠵᠢᠯᠣᠭᠤᠳᠴᠤ᠂ ᠡᠳᠦᠷ ᠪᠦᠷᠢ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ᠂ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠵᠡᠷᠭᠡ ᠠᠵᠢᠯ ᠤᠨ ᠪᠠᠶᠢᠳᠠᠯ ᠢ ᠲᠤᠬᠢᠷᠠᠭᠤᠯᠤᠨ ᠡᠵᠡᠮᠳᠡᠨ᠎ᠡ᠃ ᠡᠯ᠎ᠡ ᠴᠠᠭᠳᠠᠭᠠᠨ ᠤ ᠲᠥᠷᠥᠯ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠬᠠᠮᠲᠤᠷᠠᠨ ᠵᠢᠵᠢᠭᠦᠷᠯᠡᠨ ᠰᠠᠬᠢᠵᠤ᠂ ᠭᠤᠤᠯᠳᠠᠯᠭ᠎ᠠ ᠲᠠᠢ ᠣᠷᠣᠨ ᠪᠠᠶᠢᠷᠢ ᠶᠢᠨ ᠲᠣᠭᠤᠷᠢᠨ ᠡᠵᠡᠮᠳᠡᠬᠦ ᠬᠠᠷᠠᠵᠤ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ᠂ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠶᠢᠨ ᠰᠡᠷᠭᠡᠶᠢᠯᠡᠯᠲᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠵᠡᠷᠭᠡ ᠠᠵᠢᠯ ᠢ ᠴᠢᠭᠯᠡᠭᠦᠯᠬᠦ ᠴᠢᠨᠠᠷᠲᠠᠶ ᠪᠠᠷ ᠴᠢᠩᠭᠠᠳᠬᠠᠪᠠ᠃ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ ᠪᠥᠬᠦ ᠶᠠᠪᠤᠴᠠ ᠳᠤ ᠠᠵᠢᠯ ᠤᠨ ᠪᠠᠶᠢᠷᠢ ᠳᠤ ᠪᠠᠨ ᠵᠢᠵᠢᠭᠦᠷᠯᠡᠨ ᠰᠠᠬᠢᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠬᠦᠷᠴᠦ ᠵᠢᠯᠣᠭᠤᠳᠴᠤ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠤᠳᠠᠲᠠᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠪᠠ᠃
2.jpg
 
3.jpg
     ︽5 · 1︾ ᠤ ᠠᠮᠠᠷᠠᠯᠲᠠ ᠠᠴᠠ ᠡᠮᠦᠨ᠎ᠡ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ︾ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ 4 ᠰᠠᠷ᠎ᠠ ᠶᠢᠨ 29 ᠤ ᠡᠳᠦᠷ ᠠᠴᠠ 30 ᠤ  ᠡᠳᠦᠷ  ᠪᠣᠯᠲᠠᠯ᠎ᠠ  ᠬᠤᠶᠠᠷ  ᠡᠳᠦᠷ  ᠤᠨ  ᠬᠤᠭᠤᠴᠠᠭ᠎ᠠ ᠲᠠᠢ ︽ᠶᠡᠬᠡᠪᠡᠷ ᠢᠯᠭᠠᠷᠠᠭᠤᠯᠤᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ ᠬᠤᠷᠢᠶᠠᠨ ᠠᠪᠬᠤ︾ ᠲᠠᠪᠤᠳᠤᠭᠠᠷ ᠤᠳᠠᠭ᠎ᠠ ᠶᠢᠨ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠥᠷᠨᠢᠭᠦᠯᠵᠦ᠂ ᠤᠳᠤ ᠪᠠᠷ ᠠᠵᠢᠯᠯᠠᠭ᠎ᠠ ᠲᠠᠢ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠲᠣᠭᠤᠷᠢᠨ ᠴᠠᠭᠳᠠᠬᠤ ᠪᠠ ︽1᠂ 3᠂ 5 ᠮᠢᠨᠦ᠋ᠲ︾ ᠤᠨ ᠲᠦᠷᠭᠡᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠪᠦᠷᠢ ᠴᠥᠮ ᠴᠠᠭᠳᠠᠭᠠᠨ ᠤ ᠬᠦᠴᠦᠨ ᠢ 5.1 ᠲᠦᠮᠡᠨ ᠬᠥᠮᠦᠨ ᠤᠳᠠᠭ᠎ᠠ ᠪᠠ 125 ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠬᠦᠴᠦᠨ ᠤ ᠳᠤᠭᠤᠶᠢᠯᠠᠩ ᠢ ᠣᠷᠣᠭᠤᠯᠵᠤ᠂ ᠠᠭᠤᠳᠠᠮ ᠲᠠᠯᠠᠪᠠᠢ᠂ ᠡᠮᠨᠡᠯᠭᠡ ᠶᠢᠨ ᠬᠤᠷᠢᠶ᠂ ᠶᠡᠭᠡ ᠳᠡᠭᠡᠳᠦ ᠰᠤᠷᠭᠠᠭᠤᠯᠢ᠂ ᠬᠥᠭᠵᠢᠶᠡᠨ ᠨᠠᠷᠭᠢᠶᠠᠨ ᠲᠠᠢ ᠬᠤᠳᠠᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠭᠠᠵᠠᠷ ᠲᠤ ᠵᠡᠪᠰᠡᠭᠲᠦ ᠲᠣᠭᠤᠷᠢᠨ ᠴᠠᠭᠳᠠᠬᠤ ᠠᠵᠢᠯᠯᠠᠭ᠎ᠠ ᠥᠷᠨᠢᠭᠦᠯᠵᠦ᠂ ᠴᠠᠭᠳᠠᠭ᠎ᠠ ᠶᠢᠨ ᠬᠠᠷᠠᠭᠳᠠᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠡᠵᠡᠮᠳᠡᠬᠦ ᠬᠦᠴᠦᠨ ᠢ ᠨᠡᠮᠡᠭᠳᠡᠭᠦᠯᠪᠡ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠣᠮᠣ ᠬᠡᠯᠪᠡᠷᠢ ᠶᠢᠨ ᠠᠵᠢᠯᠯᠠᠭ᠎ᠠ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠠᠯᠠᠪᠤᠷ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠵᠤ᠂ ᠡᠮᠬᠢ ᠳᠢᠭᠯᠢᠮ ᠢ ᠬᠠᠮᠠᠭᠠᠯᠠᠬᠤ᠂ ᠬᠥᠮᠦᠨ ᠤ ᠤᠷᠤᠰᠬᠠᠯ ᠢ ᠬᠠᠮᠢᠶᠠᠷᠤᠨ ᠡᠵᠡᠮᠳᠡᠬᠦ᠂ ᠠᠮᠤᠷ ᠲᠦᠪᠰᠢᠨ ᠢ ᠪᠠᠶᠢᠴᠠᠭᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ ᠭᠤᠤᠯᠳᠠᠯᠭ᠎ᠠ ᠲᠠᠢ ᠵᠠᠮ ᠤᠨ ᠬᠡᠰᠡᠭ᠂ ᠴᠠᠭ ᠤᠨ ᠲᠡᠷᠭᠡ ᠬᠥᠰᠬᠡ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠣᠭᠤᠳᠬᠤ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠥᠷᠲᠡᠭᠡ ᠶᠢ 77 ᠡᠬᠢᠯᠡᠭᠦᠯᠵᠦ᠂ ᠲᠦᠷ ᠴᠠᠭ ᠤᠨ ᠵᠢᠵᠢᠭᠦᠷᠯᠡᠬᠦ‍ ᠴᠢᠭ ᠢ 360 ᠳᠣᠭᠢᠷᠠᠭᠤᠯᠤᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ 3 ᠺᠢᠯᠣᠮᠧᠲᠷ ᠠᠴᠠ ᠳᠡᠭᠡᠭᠰᠢ᠂ 20 ᠮᠢᠨᠦ᠋ᠲ ᠠᠴᠠ ᠳᠡᠭᠡᠭᠰᠢ ᠦᠷᠭᠦᠯᠵᠢᠯᠡᠭᠰᠡᠨ ᠵᠠᠮ ᠬᠠᠷᠢᠯᠴᠠᠭᠠᠨ ᠤ ᠲᠦᠭᠵᠢᠷᠡᠯ ᠭᠠᠷᠤᠭᠰᠠᠨ ᠥᠬᠡᠶ᠂ ᠨᠢᠭᠡ ᠤᠳᠠᠭ᠎ᠠ ᠳᠤ 3 ᠬᠥᠮᠦᠨ ᠠᠴᠠ ᠳᠡᠭᠡᠭᠰᠢ ᠬᠥᠮᠦᠨ ᠠᠳᠡᠭᠰᠡᠨ ᠵᠠᠮ ᠬᠠᠷᠢᠯᠴᠠᠭᠠᠨ ᠤ ᠠᠳᠡᠯ ᠭᠠᠷᠤᠭᠰᠠᠨ ᠥᠬᠡᠶ᠃ ᠰᠦᠯᠵᠢᠶᠡᠨ ᠳᠡᠭᠡᠷ᠎ᠡ ᠴᠠᠭᠳᠠᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠬᠠᠤᠯᠢ ᠶᠢ ᠵᠥᠷᠢᠴᠡᠭᠰᠡᠨ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠨᠡᠶᠢᠳᠡ 520 ᠭᠠᠷᠤᠶ ᠵᠦᠢᠯ ᠰᠢᠢᠳᠪᠦᠷᠢᠯᠡᠵᠦ᠂ ᠰᠦᠯᠵᠢᠶᠡᠨ ᠤ ᠣᠷᠣᠨ ᠵᠠᠶ ᠶᠢᠨ ᠡᠶ᠎ᠡ ᠵᠣᠬᠢᠴᠠᠯ ᠲᠠᠢ ᠪᠥᠭᠡᠳ ᠴᠡᠪᠡᠷ ᠲᠤᠩᠭᠠᠯᠠᠭ ᠪᠠᠶᠢᠬᠤ ᠶᠢ ᠡᠷᠡᠰ ᠪᠠᠲᠤᠯᠠᠪᠠ᠃
4.jpg
     ︽5.1︾ ᠤ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠥᠪ ᠤᠨ ︽ᠨᠠᠢᠮᠠᠨ ᠲᠣᠭᠲᠠᠭᠠᠯ︾ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ︽ᠵᠢᠷᠭᠤᠭᠠᠨ ᠲᠣᠭᠲᠠᠭᠠᠯ︾ ᠢ ᠴᠢᠩᠭ᠎ᠠ ᠰᠠᠬᠢᠵᠤ᠂ ᠴᠠᠭᠳᠠᠭᠠᠨ ᠤ ᠲᠦᠷᠢᠮ ᠴᠠᠭᠳᠠᠭᠠᠨ ᠤ ᠵᠠᠷᠯᠢᠭ ᠢ ᠴᠢᠩᠳᠠᠯᠠᠵᠤ᠂ ᠴᠠᠭᠳᠠᠭᠠᠨ ᠤ ᠰᠤᠷᠲᠠᠯ ᠴᠠᠭᠳᠠᠭᠠᠨ ᠤ ᠰᠠᠬᠢᠯᠭ᠎ᠠ ᠶᠢ ᠴᠢᠩᠳᠠᠯᠠᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠡᠯᠡᠪᠡ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠵᠦ᠂ ᠦᠷᠭᠦᠯᠵᠢᠯᠡᠨ ᠪᠠᠶᠢᠯᠳᠤᠵᠤ᠂ ︽5 · 1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ